ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/4
   6 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠡᠷᠬᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 30 ᠤ ᠡᠳᠦᠷ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠪᠠ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠲᠠᠪᠤᠨ ᠵᠢᠯ ᠤᠨ ᠲᠥᠯᠥᠪᠵᠢᠭᠦᠯᠭᠡ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ᠂ ᠰᠡᠳᠬᠢᠴᠡ ᠪᠠ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠬᠤ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠰᠠᠶᠢᠲᠤᠷ ᠬᠢᠵᠦ᠂ ᠴᠡᠪᠡᠷ ᠡᠨᠧᠷᠭᠢ᠂ ᠣᠳᠣ ᠦᠶ᠎ᠡ ᠶᠢᠨ ᠲᠠᠷᠢᠶᠠᠯᠠᠩ ᠵᠡᠷᠭᠡ ᠳᠠᠪᠠᠭᠤᠯᠢᠭ ᠤᠨ ᠲᠣᠭᠤᠷᠢᠨ ᠳᠤ᠂ ᠰᠢᠨ᠎ᠡ ᠮᠡᠷᠭᠡᠵᠢᠯ ᠢ ᠢᠯᠡᠭᠦᠬᠡᠨ ᠬᠡᠷᠡᠭᠯᠡᠵᠦ᠂ ᠡᠨᠧᠷᠭᠢ ᠶᠢᠨ ᠬᠤᠷᠣᠭᠳᠠᠯ ᠢ ᠪᠠᠭᠤᠷᠠᠭᠤᠯᠵᠤ᠂ ᠠᠰᠢᠭ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠠᠭᠠᠷ ᠲᠠᠢ ᠣᠯᠠᠨ ᠨᠡᠶᠢᠲᠡ ᠶᠢᠨ ᠡᠬᠢ ᠪᠠᠶᠠᠯᠢᠭ ᠪᠣᠯᠤᠨ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠪᠦᠲᠦᠮᠵᠢᠲᠡᠢ ᠵᠣᠬᠢᠴᠠᠭᠤᠯᠬᠤ ᠶᠢ ᠪᠡᠶᠡᠯᠡᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠳ᠋ ᠤᠨ ᠬᠦᠴᠦᠨ ᠤ ᠪᠠᠲᠤᠯᠠᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ᠃     ᠬᠤᠷᠠᠯ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ 2025 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠰᠤᠳᠤᠯᠤᠨ ᠬᠢᠨᠠᠨ ᠵᠥᠪᠯᠡᠵᠦ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠨ ᠬᠢᠨ ᠭᠤᠣᠯ ᠬᠠᠷᠢᠭᠤᠴᠠᠯᠭ᠎ᠠ ᠪᠠᠨ ᠡᠭᠦᠷᠭᠡᠯᠡᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠪᠠ ᠡᠬᠢ ᠪᠠᠶᠠᠯᠢᠭ ᠤᠨ ᠵᠦᠢ ᠵᠣᠬᠢᠰᠲᠠᠢ ᠨᠡᠭᠡᠭᠡᠨ ᠬᠥᠭᠵᠢᠭᠦᠯᠦᠯᠲᠡ᠂ ᠠᠮᠢ ᠠᠬᠤᠢ ᠶᠢᠨ ᠠᠮᠤᠷ ᠲᠦᠪᠰᠢᠨ ᠂ ᠠᠷᠠᠯᠵᠢᠶᠠᠨ ᠤ ᠭᠦᠢᠯᠭᠡᠭᠡ ᠵᠡᠷᠭᠡ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号