ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ ᠠᠷᠠᠳ ᠤᠨ ᠶᠡᠭᠡ | ᠬᠤᠷᠠᠯ ᠤᠨ ᠲᠠᠩᠬᠢᠮ ᠳᠤ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠺᠣᠣᠨᠣ᠋ | ᠶᠣᠣᠾᠧᠢ ᠶᠢᠨ ᠳᠠᠭᠠᠭᠤᠯᠤᠭᠰᠠᠨ ᠳᠤᠮᠳᠠᠳᠤ ᠤᠯᠤᠰ ᠲᠤ ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠯᠲᠠ ᠬᠢᠪᠡ᠃ | ᠯᠢ ᠴᠢᠶᠠᠩ ᠢᠯᠡᠷᠬᠡᠶᠢᠯᠡᠬᠦ ᠳᠤ ᠪᠠᠨ᠂ ᠨᠢᠳᠤᠨᠤᠨ ᠤ 11 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠲᠡᠷᠢᠭᠦᠨ | ᠰᠠᠶᠢᠳ ᠢᠰᠢᠪᠠ ᠰᠢᠭᠧᠷᠦ᠋ ᠲᠠᠢ ᠯᠢᠮᠠ ᠳᠤ ᠠᠭᠤᠯᠵᠠᠯᠲᠠ ᠬᠢᠵᠦ᠂ ᠳᠤᠮᠳᠠᠳᠤ ᠶᠠᠫᠤᠨ ᠤ ᠪᠠᠶᠢᠯᠳᠤᠬᠤ ᠪᠣᠳᠣᠯᠭ᠎ᠠ ᠶᠢᠨ | ᠬᠠᠷᠢᠯᠴᠠᠨ ᠠᠰᠢᠭᠲᠠᠢ ᠬᠠᠷᠢᠴᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠮᠡᠨ ᠰᠠᠨᠠᠯ ᠨᠢᠭᠡᠲᠡᠢ ᠵᠥᠪᠰᠢᠶᠡᠷᠡᠵᠦ᠂ ᠰᠢᠨ᠎ᠡ ᠴᠠᠭ | ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠᠳᠤ ᠶᠠᠫᠤᠨ ᠤ ᠪᠦᠲᠦᠭᠡᠯᠴᠢ᠂ ᠲᠣᠭᠲᠠᠭᠤᠨ ᠬᠠᠷᠢᠴᠠᠭ᠎ᠠ ᠶᠢ | ᠪᠠᠶᠢᠭᠤᠯᠬᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠤ ᠶᠡᠭᠡ ᠴᠢᠭᠯᠡᠯ ᠢ ᠵᠢᠭᠠᠵᠤ ᠥᠭᠪᠡ᠃ | ᠳᠤᠮᠳᠠᠳᠤ ᠶᠠᠫᠤᠨ ᠬᠤᠶᠠᠷ ᠤᠯᠤᠰ ᠪᠣᠯ ᠨᠡᠭᠦᠯᠭᠡᠵᠦ ᠴᠢᠳᠠᠰᠢ ᠦᠭᠡᠢ ᠬᠥᠷᠰᠢ ᠤᠯᠤᠰ ᠮᠥᠨ᠂ ᠨᠡᠭᠦᠯᠭᠡᠵᠦ ᠴᠢᠳᠠᠬᠤ ᠦᠭᠡᠢ | ᠶᠤᠮ ᠴᠢᠨᠢ ᠰᠠᠶᠢᠨ ᠬᠥᠷᠰᠢ᠂ ᠰᠠᠶᠢᠨ ᠬᠠᠨᠢᠲᠠᠨ ᠪᠣᠯᠬᠤ ᠬᠡᠷᠡᠭᠲᠡᠢ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠶᠠᠫᠤᠨ ᠤ | ᠡᠯ᠎ᠡ ᠡᠲᠡᠭᠡᠳ ᠤᠨ ᠬᠢᠨ ᠲᠠᠢ ᠢᠳᠡᠪᠬᠢᠲᠡᠢ ᠬᠥᠳᠡᠯᠦᠯᠴᠡᠵᠦ᠂ ︽ᠬᠠᠮᠲᠤᠷᠠᠯᠴᠠᠭᠠᠨ ᠤ ᠬᠠᠨᠢᠲᠠᠨ ᠪᠣᠯᠵᠠᠭᠠᠵᠤ᠂ ᠬᠠᠷᠢᠯᠴᠠᠨ | ᠰᠦᠷᠳᠡᠭᠦᠯᠬᠦ ᠦᠭᠡᠢ︾ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠡᠩ | ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠣᠯᠵᠤ᠂ ᠬᠤᠶᠠᠷ ᠤᠯᠤᠰ ᠤᠨ ᠤᠯᠤᠰ | ᠲᠦᠷᠦ ᠶᠢᠨ ᠢᠲᠡᠭᠡᠯᠴᠡᠭᠡ ᠪᠠ ᠠᠷᠠᠳ ᠤᠨ ᠬᠤᠭᠤᠷᠣᠨᠳᠣᠬᠢ ᠨᠥᠬᠦᠷᠯᠡᠯ ᠤᠨ ᠰᠠᠭᠤᠷᠢ ᠶᠢ ᠪᠠᠬᠢᠵᠢᠭᠦᠯᠦᠨ᠎ᠡ᠃ ᠶᠠᠫᠤᠨ ᠤ | ᠲᠠᠯ᠎ᠠ ᠶᠢᠨ ᠬᠢᠨ ᠳᠤ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠵᠥᠷᠢᠯᠳᠦᠭᠡᠨ ᠢᠶᠠᠨ ᠪᠦᠲᠦᠭᠡᠯᠴᠢ ᠪᠠᠷ ᠬᠠᠮᠢᠶᠠᠷᠤᠨ | ᠡᠵᠡᠮᠳᠡᠵᠦ᠂ ᠬᠤᠶᠠᠷ ᠤᠯᠤᠰ ᠤᠨ ᠬᠠᠷᠢᠴᠠᠭ᠎ᠠ ᠶᠢᠨ ᠵᠥᠪ ᠴᠢᠭᠯᠡᠯ ᠢ ᠪᠠᠲᠤ ᠡᠵᠡᠮᠳᠡᠵᠦ᠂ ᠬᠤᠶᠠᠷ ᠲᠠᠯ᠎ᠠ ᠶᠢᠨ | ᠬᠠᠷᠢᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠪᠠᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠫᠤᠨ ᠤ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ | ᠨᠡᠶᠢᠭᠡᠮᠯᠢᠭ ᠤᠨ ᠳᠠᠷᠤᠭ᠎ᠠ ᠺᠣᠣᠨᠣ᠋ ᠶᠣᠣᠾᠧᠢ ᠶᠢᠨ ᠳᠠᠭᠠᠭᠤᠯᠤᠭᠰᠠᠨ ᠳᠤᠮᠳᠠᠳᠤ ᠤᠯᠤᠰ ᠲᠤ ᠠᠶᠢᠯᠴᠢᠯᠠᠬᠤ | ᠪᠦᠯᠬᠦᠮ ᠤᠨ ᠬᠢᠨ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠳᠤ ᠶᠠᠭ ᠭᠦᠨᠵᠡᠭᠡᠢ ᠪᠥᠭᠡᠳ | ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠮᠠᠰᠢ ᠬᠠᠲᠠᠭᠤ ᠰᠢᠯᠭᠠᠯᠲᠠ | ᠤᠴᠠᠷᠠᠭᠤᠯᠵᠤ ᠪᠠᠶᠢᠨ᠎ᠠ᠃ ᠳᠤᠮᠳᠠᠳᠤ ᠶᠠᠫᠤᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠮᠠᠰᠢ ᠤᠯᠠᠨ ᠣᠨᠴᠠᠭᠠᠢ | ᠳᠠᠪᠠᠭᠤᠯᠢᠭ ᠲᠠᠢ ᠪᠠᠶᠢᠳᠠᠭ᠂ ᠣᠨᠴᠠᠭᠠᠶᠢᠯᠠᠨ ᠠᠵᠤ ᠦᠢᠯᠡᠰ ᠤᠨ ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠴᠢᠩᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠷᠢᠶᠡᠨ ᠳᠤ ᠥᠪᠡᠷᠰᠡᠳ ᠤᠨ ᠢᠶᠠᠨ | ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠡᠳᠡᠭᠡᠷ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ | ᠦᠢᠯᠡᠰ ᠤᠨ ᠵᠣᠯᠭᠠᠯᠴᠠᠭ᠎ᠠ ᠠᠭᠤᠰᠤᠯᠴᠠᠯ ᠢᠶᠠᠨ ᠴᠢᠩᠭᠠᠳᠬᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ | ᠬᠡᠪᠴᠢᠶ᠎ᠡ ᠪᠠᠨ ᠥᠷᠭᠡᠳᠬᠡᠵᠦ᠂ ᠳ᠋ᠢᠭᠢᠲ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠠᠮᠢᠳᠤ ᠪᠣᠳᠠᠰ ᠤᠨ ᠡᠮ | ᠡᠮᠨᠡᠯᠭᠡ ᠵᠡᠷᠭᠡ ᠰᠢᠨ᠎ᠡ ᠪᠠᠷ ᠮᠠᠨᠳᠤᠵᠤ ᠪᠠᠶᠢᠭ᠎ᠠ ᠬᠦᠷᠢᠶ᠎ᠡ ᠪᠠ ᠭᠤᠷᠪᠠᠳᠤᠭᠠᠷ ᠲᠠᠯ᠎ᠠ ᠶᠢᠨ ᠵᠠᠬ᠎ᠠ ᠳᠡᠯᠭᠡᠭᠦᠷ ᠤᠨ | ᠬᠠᠮᠲᠤᠷᠠᠯᠴᠠᠭ᠎ᠠ ᠶᠢ ᠥᠷᠭᠡᠳᠬᠡᠵᠦ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠳᠡᠬᠦ ᠶᠢ ᠪᠡᠶᠡᠯᠡᠭᠦᠯᠬᠦ ᠪᠠᠷ ᠳᠠᠮᠵᠢᠭᠤᠯᠤᠨ᠂ ᠲᠤᠰ ᠲᠤᠰ ᠤᠨ ᠬᠥᠭᠵᠢᠯᠲᠡ ᠳᠤ ᠪᠠᠨ ᠨᠡᠩ ᠤᠯᠠᠨ ᠬᠥᠳᠡᠯᠭᠡᠭᠴᠢ | ᠬᠦᠴᠦᠨ ᠨᠡᠮᠡᠷᠢᠯᠡᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠨᠡᠩ ᠶᠡᠭᠡ ᠬᠤᠪᠢ ᠨᠡᠮᠡᠷᠢ ᠦᠵᠡᠭᠦᠯᠵᠡᠭᠡᠶ᠎ᠡ᠃ | ᠳᠤᠮᠳᠠᠳᠤ ᠤᠯᠤᠰ ᠥᠨᠳᠥᠷ ᠲᠦᠪᠰᠢᠨ ᠪᠦᠬᠦᠢ ᠨᠡᠭᠡᠭᠡᠯᠲᠡ ᠪᠠᠨ ᠡᠷᠡᠰ ᠥᠷᠭᠡᠳᠬᠡᠵᠦ᠂ ᠶᠠᠫᠤᠨ ᠤ ᠠᠵᠤ ᠠᠬᠤᠶᠢᠯᠠᠯ ᠢ | ᠪᠠᠭᠲᠠᠭᠠᠭᠰᠠᠨ ᠨᠡᠩ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠤ ᠬᠥᠭᠵᠢᠬᠦ ᠶᠢ | ᠪᠠᠶᠠᠷᠯᠠᠨ ᠤᠭᠲᠤᠨ᠎ᠠ᠃ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠬᠢᠨ ᠳᠤ ᠬᠤᠶᠠᠷ | ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠨᠥᠬᠦᠷᠰᠡᠭ ᠢᠲᠡᠭᠡᠯᠴᠡᠭᠡ ᠪᠠᠨ | ᠴᠢᠩᠭᠠᠷᠠᠭᠤᠯᠬᠤ ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ᠂ ᠪᠠᠰᠠ ᠶᠠᠫᠤᠨ ᠤ ᠡᠯ᠎ᠡ | ᠡᠲᠡᠭᠡᠳ ᠤᠨ ᠬᠢᠨ ᠤ ᠳᠤᠮᠳᠠᠳᠤ ᠤᠯᠤᠰ ᠯᠤᠭ᠎ᠠ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠵᠠᠯᠠᠭᠤᠴᠤᠳ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ | ᠤᠭᠲᠤᠵᠤ ᠪᠠᠶᠢᠨ᠎ᠠ ᠭᠡᠵᠡᠢ᠃ | ᠺᠣᠣᠨᠣ᠋ ᠶᠣᠣᠾᠧᠢ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠣᠯ ᠶᠠᠫᠤᠨ ᠤ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠬᠠᠮᠤᠭ ᠤᠨ ᠴᠢᠬᠤᠯᠠ ᠬᠠᠨᠢᠲᠠᠨ ᠮᠥᠨ᠂ ᠳᠤᠮᠳᠠᠳᠤ ᠤᠯᠤᠰ ᠤᠨ ᠠᠵᠤ ᠠᠬᠤᠢ ᠬᠦᠴᠦᠷᠬᠡᠭ ᠶᠡᠭᠡ | ᠳᠣᠲᠣᠭᠠᠳᠤ ᠬᠥᠳᠡᠯᠭᠡᠭᠴᠢ ᠬᠦᠴᠦᠨ ᠪᠠ ᠤᠶᠠᠨ ᠬᠠᠳᠠᠨ ᠴᠢᠨᠠᠷ ᠲᠠᠢ ᠶᠤᠮ᠃ ᠣᠳᠣᠬᠠᠨ ᠤ ᠲᠣᠭᠲᠠᠪᠤᠷᠢ ᠦᠭᠡᠢ | ᠴᠢᠨᠠᠷ ᠢᠶᠠᠷ ᠳᠦᠭᠦᠷᠦᠭᠰᠡᠨ ᠳᠡᠯᠡᠬᠡᠢ ᠶᠢᠨ ᠪᠠᠶᠢᠳᠠᠯ ᠳᠣᠣᠷ᠎ᠠ᠂ ᠶᠠᠫᠤᠨ ᠳᠤᠮᠳᠠᠳᠤ ᠬᠤᠶᠠᠷ ᠤᠯᠤᠰ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶᠠᠨ ᠤ ᠲᠣᠭᠲᠠᠯᠴᠠᠭ᠎ᠠ ᠶᠢ | ᠬᠠᠮᠲᠤ ᠪᠠᠷ ᠬᠠᠮᠠᠭᠠᠯᠠᠪᠠᠯ ᠵᠣᠬᠢᠨ᠎ᠠ᠃ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠷᠳᠤ | ᠬᠤᠭᠤᠴᠠᠭᠠᠨ ᠤ ᠲᠤᠷᠰᠢ ᠶᠠᠫᠤᠨ ᠳᠤᠮᠳᠠᠳᠤ ᠶᠢᠨ ᠨᠥᠬᠦᠷᠯᠡᠯ ᠤᠨ ᠲᠥᠯᠥᠭᠡ ᠵᠢᠳᠬᠦᠵᠦ᠂ ᠳᠤᠷᠠᠲᠠᠶ᠎ᠠ ᠳᠤᠮᠳᠠᠳᠤ | ᠤᠯᠤᠰ ᠯᠤᠭ᠎ᠠ ᠰᠣᠯᠢᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠤᠶᠠᠷ | ᠤᠯᠤᠰ ᠤᠨ ᠠᠷᠠᠳ ᠤᠯᠠᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ᠂ ᠲᠠᠨᠢᠨ ᠮᠡᠳᠡᠷᠡᠬᠦᠢ ᠶᠢ ᠰᠠᠶᠢᠵᠢᠷᠠᠭᠤᠯᠬᠤ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃ | ᠦ᠋ ᠵᠧᠩ ᠯᠦᠩ ᠠᠭᠤᠯᠵᠠᠯᠲᠠ ᠳᠤ ᠣᠷᠣᠯᠴᠠᠪᠠ᠃ |