ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/7/1
   ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠰᠤᠷᠪᠤᠯᠵᠢᠯᠠᠨ ᠶᠠᠷᠢᠯᠴᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠰᠢᠭᠤᠨ ᠤ ᠳᠡᠰ ᠤᠨ ᠭᠤᠣᠯᠳᠠᠯᠭ᠎ᠠ ᠲᠠᠢ ᠬᠢᠨᠠᠨ ᠵᠢᠯᠣᠭᠤᠳᠬᠤ ᠨᠢᠭᠡᠴᠡ᠂ ᠡᠯ᠎ᠡ ᠰᠤᠮᠤ ᠪᠠᠯᠭᠠᠰᠤ ᠪᠠ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠭᠦᠨᠵᠡᠭᠡᠶᠢᠷᠡᠵᠦ᠂ ᠰᠤᠷᠤᠯᠴᠠᠯᠭ᠎ᠠ ᠬᠥᠮᠦᠵᠢᠯ ᠪᠠ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠠᠵᠢᠯ ᠤᠨ ᠠᠬᠢᠴᠠ ᠶᠢᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠲᠥᠯᠥᠪᠵᠢᠭᠦᠯᠭᠡ ᠶᠢ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠰᠠᠨᠠᠯ ᠰᠠᠨᠠᠭᠤᠯᠭ᠎ᠠ ᠶᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠵᠢᠯ ᠢ ᠵᠢᠯᠣᠭᠤᠳᠴᠤ᠂ ᠪᠣᠳᠠᠲᠠᠢ ᠠᠰᠠᠭᠤᠳᠠᠯ ᠢ ᠵᠠᠳᠠᠯᠤᠨ ᠰᠢᠢᠳᠪᠦᠷᠢᠯᠡᠪᠡ᠃    ᠼᠠᠢ ᠪᠦᠦ ᠵᠢᠶᠦ᠋ᠨ ᠵᠢᠭᠠᠵᠤ ᠭᠠᠷᠭᠠᠭᠰᠠᠨ ᠨᠢ᠂ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠡᠷᠡᠮᠵᠢᠯᠡᠭᠦᠯᠬᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠦᠨᠡᠨ ᠬᠦ ᠰᠠᠶᠢᠲᠤᠷ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠠᠬᠢᠭᠤᠯᠵᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠣᠯᠠᠨ ᠲᠦᠮᠡᠨ ᠤ ᠡᠭᠦᠳᠡ ᠪᠠᠨ ᠨᠡᠭᠡᠭᠡᠵᠦ ᠦᠷ᠎ᠡ ᠪᠦᠲᠦᠮᠵᠢ ᠶᠢ ᠠᠰᠠᠭᠤᠵᠤ᠂ ᠬᠥᠭᠵᠢᠯᠲᠡ ᠶᠢᠨ ᠬᠡᠷᠡᠭᠴᠡᠭᠡ᠂ ᠥᠭᠡᠷᠡᠴᠢᠯᠡᠯᠲᠡ ᠶᠢᠨ ᠪᠠᠴᠢᠮᠳᠠᠵᠤ ᠪᠠᠶᠢᠭ᠎ᠠ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠠᠮᠢᠳᠤᠷᠠᠯ ᠤᠨ ᠬᠠᠨᠳᠤᠰᠢ ᠶᠢᠨ ᠳᠣᠪᠤᠶᠢᠮ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ ᠳᠤᠮᠳᠠ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠣᠢ ᠪᠣᠯᠭᠠᠬᠤ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠳᠦᠷᠢᠮ ᠲᠣᠭᠲᠠᠴᠠ ᠶᠢᠨ ᠲᠠᠯ᠎ᠠ ᠠᠴᠠ ᠳᠤᠲᠠᠭᠤᠳᠠᠯ ᠢᠶᠠᠨ ᠨᠥᠬᠦᠪᠥᠷᠢᠯᠡᠵᠦ᠂ ᠠᠯᠳᠠᠰᠢ ᠭᠠᠷᠬᠤ ᠶᠢ ᠬᠤᠷᠢᠭᠯᠠᠵᠤ᠂ ᠲᠣᠭᠲᠠᠴᠠ ᠶᠢ ᠪᠦᠷᠢᠨᠰᠢᠭᠦᠯᠬᠦ᠂ ᠪᠠᠶᠢᠩᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠢ ᠪᠠᠶᠢᠬᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠃ ᠼᠠᠢ ᠪᠦᠦ ᠵᠢᠶᠦ᠋ᠨ ᠴᠢᠬᠤᠯᠠᠴᠢᠯᠠᠭᠰᠠᠨ ᠨᠢ᠂ ︽ᠡᠷᠭᠢᠨ ᠬᠠᠷᠠᠬᠤ︾ ᠵᠢᠴᠢ ᠲᠥᠷᠥᠯ ᠬᠤᠪᠢᠶᠠᠨ ᠦᠨᠡᠯᠡᠨ ᠵᠢᠱᠢᠬᠦ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠬᠠᠷᠢᠭᠤᠴᠠᠯᠭᠠᠲᠠᠨ ᠨᠥᠬᠦᠳ ᠢ ᠰᠢᠮᠳᠠᠭᠤᠯᠵᠤ ᠪᠠᠶᠢᠭᠠᠳ ︽ᠨᠢᠭᠡᠳᠦᠭᠡᠷ ᠬᠠᠷᠢᠭᠤᠴᠠᠯᠭ᠎ᠠ︾ ᠶᠢ ᠪᠠᠲᠤ ᠡᠭᠦᠷᠭᠡᠯᠡᠭᠦᠯᠵᠦ᠂ ᠬᠠᠷᠢᠭᠤᠴᠠᠯᠭ᠎ᠠ ᠪᠠ ᠳᠠᠷᠤᠯᠲᠠ ᠶᠢ ᠦᠨᠡᠨ ᠬᠦ ᠪᠣᠳᠠᠲᠠᠶᠢᠵᠢᠭᠤᠯᠵᠤ᠂ ᠢᠯᠠᠩᠭᠤᠶ᠎ᠠ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠢᠩᠭ᠎ᠠ ᠴᠠᠭᠠᠵᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠭᠤᠯᠵᠤ᠂ ᠦᠢᠯᠡ ᠠᠵᠢᠯᠯᠠᠭ᠎ᠠ ᠶᠢᠨ ᠵᠠᠭᠠᠭ ᠬᠢᠵᠠᠭᠠᠷ ᠢ ᠣᠨᠣᠪᠴᠢᠲᠠᠢ ᠡᠵᠡᠮᠳᠡᠵᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号