6 ᠰᠠᠷ᠎ᠠ ᠶᠢᠨ 30 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢ᠊ ᠡᠶ᠎ᠡ ᠠᠷᠪᠠᠨ ᠳᠥᠷᠪᠡᠳᠦᠭᠡᠷ ᠤᠳᠠᠭᠠᠨ ᠤ | ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠦᠩ ᠬᠤᠩ ᠶᠠᠨ ᠬᠤᠷᠠᠯ ᠢ ᠡᠷᠬᠢᠯᠡᠪᠡ᠃ | ᠬᠤᠷᠠᠯ ᠠᠴᠠ ︽ᠦᠨᠡᠨ︾ ᠰᠡᠳᠬᠦᠯ ᠢ ᠤᠯᠠᠮᠵᠢᠯᠠᠨ ᠰᠤᠷᠤᠯᠴᠠᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠣᠬᠢᠶᠠᠯ᠂ ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠵᠠᠰᠠᠬᠤ ᠪᠠ ᠰᠢᠨ᠎ᠡ ᠡᠨᠧᠷᠭᠢ ᠶᠢᠨ ᠠᠵᠢᠯ ᠢ ᠰᠠᠶᠢᠲᠤᠷ | ᠬᠢᠬᠦ ᠲᠤᠬᠠᠢ ᠴᠢᠬᠤᠯᠠ ᠥᠭᠦᠯᠡᠯᠲᠡ ᠶᠢ ᠨᠡᠶᠢᠲᠡᠯᠡᠪᠡ᠃ ᠤᠰᠤ ᠠᠷᠪᠢᠯᠠᠬᠤ ᠠᠵᠢᠯᠯᠠᠭ᠎ᠠ᠂ ᠰᠢᠨ᠎ᠡ ᠡᠨᠧᠷᠭᠢ ᠶᠢᠨ | ᠠᠰᠢᠭᠯᠠᠯᠲᠠ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠲᠥᠷᠥ ᠶᠢᠨ ᠶᠠᠪᠤᠳᠠᠯ ᠢ ᠵᠥᠪᠯᠡᠬᠦ ᠴᠢᠨᠠᠷᠲᠠᠢ ᠵᠥᠪᠯᠡᠯᠭᠡ | ᠬᠢᠨ᠎ᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠵᠤ ᠪᠣᠳᠠᠲᠠᠢ ᠠᠳᠬᠤᠵᠤ ᠪᠣᠳᠠᠲᠤ ᠦᠷ᠎ᠡ | ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ | ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠪᠣᠳᠠᠲᠤ ᠪᠠᠶᠢᠳᠠᠯ ᠳᠤ | ᠰᠠᠭᠤᠷᠢᠯᠠᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠠᠨᠳᠤᠯᠭᠠᠲᠤ ᠴᠢᠨᠠᠷᠲᠠᠢ ᠪᠠᠷ ᠵᠦᠢ ᠵᠣᠬᠢᠰᠲᠠᠢ | ᠰᠠᠨᠠᠭᠤᠯᠭ᠎ᠠ ᠳᠤᠷᠠᠳᠴᠤ᠂ ᠮᠠᠨ ᠤ ᠬᠤᠰᠢᠭᠤᠨ ᠤ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ | ᠠᠰᠢᠭᠯᠠᠬᠤ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠠ ᠲᠣᠬᠢᠶᠠᠯ ᠢ ᠠᠰᠢᠭᠯᠠᠨ᠂ ᠤᠯᠤᠰ ᠲᠥᠷᠥ ᠶᠢᠨ | ᠵᠥᠪᠯᠡᠯᠭᠡᠨ ᠤ ᠣᠶᠤᠨ ᠤᠬᠠᠭᠠᠨ ᠲᠥᠪᠯᠡᠷᠡᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠡᠨᠧᠷᠭᠢ ᠶᠢ ᠰᠢᠩᠭᠡᠭᠡᠬᠦ | ᠰᠤᠳᠤᠯᠭᠠᠨ ᠢ ᠭᠦᠨᠵᠡᠭᠡᠶᠢᠷᠡᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ | ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠲᠠᠢ ᠤᠶᠠᠯᠳᠤᠭᠤᠯᠤᠨ᠂ ᠲᠣᠮᠣ ᠬᠡᠯᠪᠡᠷᠢ ᠶᠢᠨ ᠰᠢᠨ᠎ᠡ | ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠬᠤᠰᠢᠭᠤᠨ ᠤ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ | ᠵᠣᠬᠢᠶᠠᠬᠤ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠢ᠃ |