ᠳᠣᠮᠳᠠᠳᠤ ᠣᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠤᠯᠣᠰ ᠲᠦᠷᠦ ᠶᠢᠨ ᠲᠣᠪᠴᠢᠶ᠎ᠠ 6 ᠰᠠᠷ᠎ᠠ ᠶᠢᠨ | 30 ᠤ ᠦᠳᠡ ᠶᠢᠨ ᠬᠤᠶᠢᠨ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ︽ | ᠳᠥᠷᠪᠡᠨ ᠰᠤᠷᠲᠠᠯ︾ ᠢ ᠵᠠᠯᠠᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠲᠡᠭᠦᠯᠳᠡᠷᠵᠢᠭᠦᠯᠬᠦ ᠲᠤᠬᠠᠶ | ᠬᠤᠷᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠳᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ᠂ ᠪᠦᠬᠦ ᠤᠯᠤᠰ ᠤᠨ | ᠥᠷᠭᠡᠨ ᠤᠯᠠᠨ ᠡᠪ ᠬᠠᠮᠲᠤ ᠨᠠᠮ ᠤᠨ ᠭᠡᠰᠢᠭᠦᠨ ᠳᠤ ︽7 · 1︾ ᠤ ᠪᠠᠶᠠᠷ ᠤᠨ ᠡᠳᠦᠷ ᠤᠨ ᠮᠡᠨᠳᠦᠴᠢᠯᠡᠯ ᠬᠥᠷᠬᠡᠪᠡ︕ | ᠲᠡᠷᠡ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠥᠪᠡᠷ ᠪᠡᠶ᠎ᠡ ᠶᠢᠨ ᠬᠤᠪᠢᠰᠬᠠᠯ ᠬᠢᠬᠦ ᠪᠣᠯ ᠮᠠᠨ ᠤ ᠨᠠᠮ ᠤᠨ ᠰᠠᠮᠠᠭᠤᠷᠠᠯ ᠢ | ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ ᠠᠴᠠ ᠮᠤᠯᠳᠤᠷᠠᠬᠤ ᠬᠤᠶᠠᠳᠤᠭᠠᠷ ᠬᠠᠷᠢᠭᠤᠯᠲᠠ ᠪᠣᠯᠤᠨ᠎ᠠ᠂ ᠰᠤᠷᠲᠠᠯ ᠢ | ᠠᠳᠬᠤᠬᠤ ᠠᠴᠠ ᠭᠠᠷᠳᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠲᠤᠷᠰᠢᠯᠭ᠎ᠠ ᠪᠣᠯᠤᠨ᠎ᠠ᠃ ᠨᠠᠮ ᠤᠨ ᠥᠪᠡᠷ ᠪᠡᠶ᠎ᠡ ᠶᠢᠨ ᠬᠤᠪᠢᠰᠬᠠᠯ | ᠬᠢᠬᠦ ᠶᠢ ᠠᠬᠢᠭᠤᠯᠬᠤ ᠳᠤ ᠲᠠᠨᠢᠯᠲᠠ ᠪᠠᠨ ᠳᠡᠭᠡᠭᠰᠢᠯᠡᠭᠦᠯᠬᠦ᠂ ᠨᠠᠮᠴᠢ ᠴᠢᠨᠠᠷ ᠢᠶᠠᠨ ᠴᠢᠩᠭᠠᠳᠬᠠᠬᠤ᠂ ᠡᠷᠬᠡ ᠶᠢᠨ ᠠᠵᠢᠯᠯᠠᠭᠠᠨ ᠢ | ᠵᠢᠷᠤᠮᠵᠢᠭᠤᠯᠬᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠳᠠᠯᠠᠬᠤ᠂ ᠨᠠᠮ ᠢ ᠬᠠᠮᠢᠶᠠᠷᠴᠤ ᠨᠠᠮ ᠢ | ᠵᠠᠰᠠᠬᠤ ᠬᠠᠷᠢᠭᠤᠴᠠᠯᠭ᠎ᠠ ᠪᠠᠨ ᠭᠦᠢᠴᠡᠳᠭᠡᠬᠦ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ ᠭᠡᠵᠤ ᠴᠢᠬᠤᠯᠠᠴᠢᠯᠠᠵᠠᠢ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠲᠠᠰᠤᠭ ᠤᠨ ᠡᠷᠬᠢᠯᠡᠭᠴᠢ ᠵᠤᠤ ᠪᠦᠦ ᠭᠦᠸᠧ ᠨᠥᠬᠦᠷ ᠡᠨᠡ ᠬᠦ | ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ | ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠪᠠᠨ ᠪᠠᠲᠤᠵᠢᠭᠤᠯᠬᠤ ᠠᠷᠭ᠎ᠠ ᠮᠥᠨ᠂ | ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠶ ᠠᠷᠭ᠎ᠠ ᠬᠡᠮᠵᠢᠶ᠎ᠡ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠨᠠᠢᠮᠠᠨ ᠲᠣᠭᠲᠠᠭᠠᠯ ᠢᠶᠠᠷ | ᠡᠬᠢᠯᠡᠯᠳᠡ ᠪᠤᠯᠭᠠᠨ ᠠᠰᠠᠭᠤᠳᠠᠯ ᠢ ᠰᠢᠢᠳᠪᠦᠷᠢᠯᠡᠵᠤ᠂ ᠲᠡᠮᠦᠷ ᠮᠡᠲᠦ ᠳᠦᠷᠢᠮ ᠢ ᠲᠤᠬᠳᠠᠭᠠᠬᠤ᠂ ᠬᠠᠲᠠᠭᠤ ᠪᠠᠷ | ᠬᠢᠵᠠᠭᠠᠷᠯᠠᠬᠤ ᠶᠢ ᠪᠠᠷᠢᠮᠳᠠᠯᠠᠵᠤ᠂ ᠳᠡᠭᠡᠷ᠎ᠡ ᠱᠠᠲᠤ ᠨᠢ ᠳᠤᠤᠷ᠎ᠠ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠪ ᠤᠨ | ᠤᠯᠤᠰ ᠲᠦᠷᠦ ᠶᠢᠨ ᠲᠣᠪᠴᠢᠶ᠎ᠠ ᠲᠦᠷᠦᠭᠦᠯᠡᠨ ᠬᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ︽ | ᠳᠥᠷᠪᠡᠨ ᠰᠤᠷᠲᠠᠯ︾ ᠢ ᠵᠠᠯᠠᠷᠠᠭᠤᠯᠬᠤ ᠳᠤ ᠲᠥᠪᠯᠡᠷᠡᠩᠭᠦᠢ ᠬᠥᠮᠦᠵᠢᠯ ᠬᠢᠬᠦ ᠪᠠ ᠠᠯᠢ ᠣᠯᠠᠨ ᠲᠤᠰᠬᠠᠶ ᠴᠡᠭᠴᠡᠯᠡᠨ ᠵᠠᠰᠠᠬᠤ | ᠠᠵᠢᠯ ᠥᠷᠨᠢᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠪᠠᠶᠢᠩᠭᠤ ᠠᠳᠬᠤᠬᠤ ᠨᠠᠷᠢᠯᠢᠭ ᠠᠳᠬᠤᠬᠤ ᠤᠷᠲᠤ | ᠬᠤᠭᠤᠴᠠᠭ᠎ᠠ ᠪᠠᠷ ᠠᠳᠬᠤᠬᠤ ᠶᠢ ᠪᠠᠷᠢᠮᠲᠠᠯᠠᠵᠤ᠂ ᠨᠢᠭᠡ ᠭᠤᠭᠴᠤᠭ᠎ᠠ ᠨᠢᠭᠡ ᠭᠤᠭᠴᠤᠭ᠎ᠠ ᠪᠠᠷ ᠪᠠᠲᠤ ᠰᠠᠬᠢᠬᠤ ᠪᠠ | ᠠᠬᠢᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠠᠯ ᠢ ᠡᠰᠡᠷᠭᠦᠴᠡᠬᠦ ᠶᠢ ᠬᠠᠷᠢᠯᠴᠠᠨ ᠨᠡᠪᠳᠡᠷᠡᠯᠴᠡᠭᠦᠯᠬᠦ ᠶᠢ ᠪᠠᠷᠢᠮᠳᠠᠯᠠᠵᠤ᠂ | ᠥᠩᠭᠡᠷᠡᠭᠰᠡᠨ ᠳᠤ ᠬᠤᠷᠢᠭᠯᠠᠵᠤ ᠳᠡᠶᠢᠯᠬᠦ ᠦᠭᠡᠢ ᠭᠡᠵᠦ ᠦᠵᠡᠵᠦ ᠪᠠᠶᠢᠭᠰᠠᠨ ᠴᠥᠭᠡᠨ ᠪᠤᠰᠤ ᠭᠠᠵᠢᠭᠤ ᠰᠤᠷᠲᠠᠯ ᠢ | ᠬᠤᠷᠢᠭᠯᠠᠵᠤ᠂ ᠣᠯᠠᠨ ᠵᠢᠯ ᠤᠨ ᠲᠤᠷᠰᠢ ᠠᠷᠢᠯᠭᠠᠵᠤ ᠳᠡᠶᠢᠯᠬᠦ ᠦᠭᠡᠢ ᠪᠠᠶᠢᠭᠰᠠᠨ ᠠᠷᠬᠠᠭ ᠭᠡᠮ ᠢ ᠠᠷᠢᠯᠭᠠᠵᠤ᠂ ᠣᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠮᠠᠰᠢ ᠣᠯᠠᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠤ᠂ ᠨᠠᠮ ᠤᠨ ᠰᠤᠷᠲᠠᠯ | ᠵᠠᠰᠠᠭ ᠤᠨ ᠰᠤᠷᠲᠠᠯ ᠴᠣ ᠰᠢᠨ᠎ᠡ ᠪᠣᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠦᠪᠰᠢᠨ ᠪᠦᠬᠦᠯᠢ ᠴᠣᠭᠴᠠ ᠪᠠᠷ | ᠳᠡᠭᠡᠭᠰᠢᠯᠡᠬᠦ ᠶᠢ ᠠᠬᠢᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠢᠳᠡᠪᠬᠢ | ᠬᠦᠴᠦᠨ ᠢ ᠨᠢᠭᠲᠠᠷᠠᠭᠤᠯᠪᠠ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠮᠠᠨ ᠤ ᠨᠠᠮ ᠤᠨ ᠡᠭᠦᠷᠭᠡᠯᠡᠵᠦ ᠪᠠᠶᠢᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠡᠭᠦᠷᠭᠡ ᠲᠦᠢᠯ ᠤᠨ ᠬᠦᠨᠳᠦ᠂ ᠲᠤᠯᠭᠠᠷᠠᠵᠤ ᠪᠠᠶᠢᠭ᠎ᠠ ᠲᠦᠷᠦ ᠪᠠᠷᠢᠬᠤ ᠣᠷᠴᠢᠨ | ᠲᠦᠢᠯ ᠤᠨ ᠪᠤᠳᠤᠯᠢᠶᠠᠨᠲᠠᠢ᠂ ᠥᠪᠡᠷ ᠪᠡᠶ᠎ᠡ ᠶᠢᠨ ᠬᠤᠪᠢᠰᠬᠠᠯ ᠬᠢᠬᠦ ᠡᠨᠡ ᠬᠦ ᠬᠥᠪᠴᠢ ᠶᠢ ᠡᠷᠬᠡᠪᠰᠢ ᠨᠡᠩ ᠴᠢᠩᠭᠠᠯᠠᠬᠤ | ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠠᠯᠢ ᠱᠠᠲᠤᠨ ᠳᠤ ᠪᠠᠶᠢᠭᠰᠠᠨ ᠴᠤ ᠲᠡᠷᠡ᠂ ᠶᠠᠮᠠᠷ | ᠠᠵᠢᠯ ᠢ ᠬᠠᠷᠢᠭᠤᠴᠠᠵᠤ ᠪᠠᠶᠢᠭᠰᠠᠨ ᠴᠤ ᠴᠥᠮ ᠥᠪᠡᠷ ᠪᠡᠶ᠎ᠡ ᠶᠢᠨ ᠬᠤᠪᠢᠰᠬᠠᠯ ᠬᠢᠬᠦ ᠬᠠᠷᠢᠭᠤᠴᠠᠯᠭ᠎ᠠ ᠲᠠᠢ ᠪᠠᠶᠢᠬᠤ | ᠬᠡᠷᠡᠭᠲᠡᠢ᠃ ᠤᠳᠤᠷᠢᠳᠬᠤ ᠺᠠᠳ᠋ᠷᠴᠤᠳ ᠡᠩ ᠲᠡᠷᠢᠭᠦᠨ ᠳᠤ ᠳᠡᠭᠡᠳᠦ ᠵᠡᠷᠭᠡ ᠶᠢᠨ ᠺᠠᠳ᠋ᠷᠴᠤᠳ ᠨᠡᠩ ᠴᠤ ᠥᠪᠡᠷ ᠪᠡᠶ᠎ᠡ ᠶᠢᠨ | ᠬᠤᠪᠢᠰᠬᠠᠯ ᠬᠢᠬᠦ ᠲᠠᠯ᠎ᠠ ᠪᠠᠷ ᠪᠡᠶ᠎ᠡ ᠪᠠᠷ ᠢᠶᠠᠨ ᠬᠡᠪ ᠲᠦᠷᠢᠮ ᠪᠣᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠳᠤ ᠡᠷᠬᠡᠪᠰᠢ ᠤᠭ ᠦᠨᠳᠦᠰᠦ ᠶᠢ ᠨᠢ | ᠪᠠᠬᠢᠵᠢᠭᠦᠯᠦᠨ ᠬᠦᠮᠦᠵᠢᠭᠦᠯᠵᠦ᠂ ᠨᠠᠮᠴᠢ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠨᠠᠮᠴᠢ ᠴᠢᠨᠠᠷ ᠢᠶᠠᠨ ᠴᠢᠩᠭᠠᠳᠬᠠᠬᠤ ᠶᠢᠨ | ᠭᠤᠣᠯᠳᠠᠯᠭ᠎ᠠ ᠨᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠷᠠᠳ | ᠲᠦᠮᠡᠨ ᠤ ᠲᠥᠯᠥᠭᠡ ᠵᠢᠳᠬᠦᠬᠦ ᠬᠠᠶᠢᠷ᠎ᠠ ᠰᠡᠳᠭᠢᠯᠭᠡ ᠶᠢ ᠵᠤᠵᠠᠭᠠᠳᠬᠠᠵᠤ᠂ ᠶᠣᠰᠣ ᠰᠤᠷᠳᠠᠬᠤᠨ ᠵᠠᠩ ᠴᠢᠨᠠᠷ ᠢᠶᠠᠨ | ᠴᠡᠪᠡᠷᠰᠢᠭᠦᠯᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠬᠤ ᠳᠤ ᠪᠠᠶᠢᠨ᠎ᠠ᠃ ᠤᠨᠤᠯ ᠢᠶᠠᠷ ᠵᠡᠪᠰᠡᠭᠯᠡᠬᠦ ᠶᠢ | ᠴᠢᠩᠭᠠᠳᠬᠠᠵᠤ᠂ ᠡᠪ ᠬᠠᠮᠲᠤᠴᠤᠳ ᠤᠨ ᠤᠶᠤᠨ ᠰᠠᠨᠠᠭᠠᠨ ᠤ ᠬᠥᠭᠡᠭᠡᠴᠡᠯᠳᠦᠯ ᠢ ᠪᠠᠲᠤ ᠰᠠᠬᠢᠬᠤ ᠬᠡᠷᠡᠭᠲᠡᠢ︔ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠳᠤ ᠢᠳᠡᠪᠬᠢᠲᠡᠢ | ᠣᠷᠣᠯᠴᠠᠵᠤ᠂ ᠠᠵᠢᠯ ᠬᠢᠵᠦ ᠦᠢᠯᠡᠰ ᠪᠤᠰᠬᠠᠬᠤ ᠳᠤᠮᠳᠠ ᠡᠷᠡᠮᠡᠬᠡᠶᠢᠯᠡᠨ ᠲᠡᠮᠡᠴᠡᠵᠦ᠂ ᠠᠷᠠᠳ ᠲᠦᠮᠡᠨ ᠳᠤ ᠪᠤᠶᠠᠨ | ᠦᠢᠯᠡᠳᠬᠦ ᠳᠤᠮᠳᠠ ᠶᠣᠰᠣ ᠰᠤᠷᠲᠠᠬᠤᠨ ᠤ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ︔ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠳᠤ ᠢᠳᠡᠪᠬᠢᠲᠡᠢ ᠣᠷᠣᠯᠴᠠᠵᠤ᠂ ᠵᠣᠷᠢᠭᠲᠠᠢ ᠪᠠᠷ ᠥᠪᠡᠷ ᠢ ᠪᠠᠨ ᠪᠠᠶᠢᠴᠠᠭᠠᠵᠤ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠳᠠᠢ᠃ | ᠬᠥᠮᠦᠨ ᠰᠣᠩᠭᠤᠨ ᠬᠦᠮᠦᠨ ᠬᠡᠷᠡᠭᠯᠡᠬᠦ ᠳᠡᠭᠡᠨ ᠨᠠᠮᠴᠢ ᠴᠢᠨᠠᠷ ᠢ ᠢᠯᠭᠠᠨ ᠲᠠᠨᠢᠬᠤ ᠶᠢ ᠴᠢᠩᠭᠠᠳᠬᠠᠵᠤ᠂ ᠺᠠᠳ᠋ᠷ ᠤᠨ ᠤᠶᠤᠨ | ᠰᠠᠨᠠᠭᠠᠨ ᠤ ᠠᠬᠤᠢ ᠪᠠᠶᠢᠳᠠᠯ ᠦᠨᠳᠦᠷᠴᠡ ᠪᠠ ᠦᠨᠡᠨᠴᠢ ᠰᠢᠳᠤᠷᠭᠤ ᠶᠢᠨ ᠬᠡᠮᠵᠢᠶ᠎ᠠ ᠠᠷᠢᠭᠤᠨ ᠴᠢᠬᠡᠴᠢ ᠶᠢᠨ ᠬᠡᠮᠵᠢᠶ᠎ᠠ ᠶᠢ | ᠰᠢᠯᠭᠠᠨ ᠪᠠᠶᠢᠴᠠᠭᠠᠬᠤ ᠶᠢ ᠴᠢᠬᠤᠯᠠᠴᠢᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠢᠯᠵᠢᠷᠡᠯ ᠢ ᠡᠰᠡᠷᠭᠦᠴᠡᠬᠦ ᠳᠤ ᠡᠷᠬᠡᠪᠰᠢ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠬᠡᠷᠡᠭᠲᠡᠢ᠃ | ᠡᠷᠬᠡ ᠶᠢ ᠣᠯᠭᠤᠬᠤ ᠡᠷᠬᠡ ᠶᠢ ᠬᠡᠷᠡᠭᠯᠡᠬᠦ ᠡᠷᠬᠡ ᠶᠢ ᠬᠢᠵᠠᠭᠠᠷᠯᠠᠬᠤ ᠶᠢ ᠨᠢᠭᠡᠳᠦᠯᠳᠠᠢ ᠪᠠᠶᠢᠯᠭᠠᠬᠤ᠂ ᠢᠯᠡ ᠲᠣᠳᠣ ᠮᠥᠷᠳᠡᠵᠦ | ᠪᠣᠯᠬᠤᠶᠢᠴᠠ ᠲᠦᠷᠢᠮ ᠲᠣᠭᠲᠡᠴᠡ ᠶᠢ ᠪᠦᠷᠢᠨᠰᠢᠬᠦᠯᠵᠤ᠂ ᠡᠷᠬᠡ ᠶᠢᠨ ᠠᠵᠢᠯᠯᠠᠭᠠᠨ ᠤ ᠳᠤᠲᠠᠭᠳᠠᠯ ᠢ ᠡᠷᠢᠵᠦ᠂ ᠲᠦᠷᠢᠮ ᠤᠨ | ᠳᠤᠲᠠᠭᠤᠳᠠᠯ ᠢ ᠨᠥᠬᠦᠪᠥᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠲᠦᠷᠢᠮ ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ | ᠲᠥᠪᠯᠡᠷᠡᠯ ᠤᠨ ᠶᠣᠰᠣ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠷᠬᠡ ᠶᠢᠨ ᠠᠵᠢᠯᠯᠠᠭᠠᠨ ᠳᠤ ᠪᠦᠬᠦ ᠶᠠᠪᠤᠴᠠ ᠪᠠᠷ | ᠬᠢᠨᠠᠯᠲᠠ ᠲᠠᠯᠪᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠠᠯᠢᠪᠠ ᠡᠷᠬᠡ ᠶᠢ ᠴᠥᠮ ᠠᠷᠠᠳ ᠲᠦᠮᠡᠨ ᠣᠯᠭᠤᠭᠰᠠᠨ | ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠢᠮᠠᠭᠲᠠ ᠠᠷᠠᠳ ᠲᠦᠮᠡᠨ ᠢ ᠬᠦᠨᠳᠦᠳᠭᠡᠵᠦ᠂ ᠵᠣᠬᠢᠶᠠᠨ ᠪᠠᠶᠢᠭᠤᠯᠤᠯᠲᠠ ᠶᠢ | ᠬᠦᠨᠳᠦᠳᠭᠡᠵᠦ᠂ ᠬᠠᠤᠯᠢ ᠰᠠᠬᠢᠯᠭ᠎ᠠ ᠶᠢ ᠬᠦᠨᠳᠦᠳᠭᠡᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠣᠯ ᠨᠠᠮ ᠤᠨ ᠥᠪᠡᠷ ᠪᠡᠶ᠎ᠠ ᠶᠢᠨ | ᠬᠤᠪᠢᠰᠬᠠᠯ ᠬᠢᠬᠦ ᠬᠤᠷᠴᠠ ᠵᠡᠪᠰᠡᠭ ᠮᠥᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠡᠷᠬᠡᠪᠰᠢ | ᠡᠷᠡᠰ ᠰᠢᠢᠳᠪᠦᠷᠢᠯᠡᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ | ᠤᠶᠠᠯᠳᠤᠭᠤᠯᠵᠤ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ︽ᠡᠮᠦᠨ᠎ᠡ ᠬᠠᠷᠠᠭᠤᠯ︾ ᠤᠨ | ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠲᠦᠷᠦᠯ ᠤᠨ ᠬᠢᠨᠠᠯᠲᠠ ᠶᠢᠨ ᠨᠡᠪᠳᠡᠷᠡᠯᠴᠡᠨ ᠵᠣᠬᠢᠴᠠᠯᠳᠤᠬᠤ ᠶᠢ | ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ | ᠨᠡᠪᠲᠡᠯᠬᠦ ᠬᠦᠴᠦᠨ ᠪᠠ ᠪᠦᠳᠤᠮᠵᠢᠳᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠢᠯᠵᠢᠷᠡᠯ ᠢ ᠵᠡᠷᠭᠡ ᠪᠠᠷ | ᠪᠠᠶᠢᠴᠠᠭᠠᠵᠤ ᠵᠡᠷᠭᠡ ᠪᠠᠷ ᠵᠠᠰᠠᠬᠤ ᠡᠷᠴᠢᠮ ᠢ ᠴᠢᠩᠭᠠᠷᠠᠭᠤᠯᠵᠤ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠴᠢᠩᠭ᠎ᠠ | ᠱᠠᠭᠠᠷᠳᠠᠯᠭ᠎ᠠ ᠶᠢ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠤᠰᠤ ᠲᠦᠷᠢᠮ ᠢ ᠬᠠᠲᠠᠭᠤ ᠴᠢᠩᠭ᠎ᠠ | ᠪᠠᠶᠢᠯᠭᠠᠵᠤ᠂ ᠪᠥᠬᠦ ᠨᠠᠮ ᠳᠤ ᠡᠷᠡᠰ ᠴᠢᠩᠭ᠎ᠠ᠂ ᠤᠬᠳᠤ ᠨᠠᠶᠢᠷ ᠲᠠᠯᠪᠢᠬᠤ ᠥᠬᠡᠶ ᠳᠣᠬᠢᠶ᠎ᠠ ᠥᠭᠴᠦ᠂ ᠵᠢᠷᠦᠬᠡᠰᠢᠶᠡᠯᠬᠡᠬᠦ | ᠦᠢᠯᠡᠳᠦᠯ ᠢ ᠪᠦᠷᠢᠯᠳᠦᠬᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ | ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠵᠡᠷᠭᠡ ᠪᠦᠷᠢᠨ ᠪᠦᠲᠦᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ | ᠬᠠᠷᠢᠭᠤᠴᠠᠯᠭ᠎ᠠ ᠨᠢᠭᠡᠪᠦᠷᠢ ᠶᠢ ᠴᠥᠮ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ | ᠬᠠᠷᠢᠶᠠᠠ ᠳᠠᠬᠢ ᠪᠠᠨ ᠴᠢᠩᠭ᠎ᠠ ᠬᠠᠮᠢᠶᠠᠷᠴᠤ᠂ ᠱᠠᠳᠤ ᠱᠠᠳᠤ ᠪᠠᠷ ᠳᠠᠷᠤᠯᠲᠠ ᠥᠭᠴᠦ᠂ ᠴᠢᠩᠭ᠎ᠠ ᠠᠭᠤᠷ ᠠᠮᠢᠰᠬᠤᠯ ᠢ | ᠦᠨᠡᠨ ᠬᠦ ᠪᠤᠢ ᠪᠣᠯᠭᠠᠵᠤ᠂ ᠲᠥᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶᠠᠨ ᠤ ᠨᠥᠬᠦᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠠᠯ᠎ᠠ ᠪᠠᠷ ᠪᠦᠬᠦ ᠨᠠᠮ ᠳᠤ ᠬᠡᠪ ᠳᠠᠭᠤᠷᠢᠶᠠᠯ ᠦᠵᠡᠭᠦᠯᠵᠦ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠤ ᠴᠢᠬᠤᠯᠠᠴᠢᠯᠠᠪᠠ᠃ | | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ | ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠢ ᠴᠢᠩᠭ᠎ᠠ ᠬᠤᠷᠢᠭᠯᠠᠵᠤ᠂ | ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ ᠢ ᠰᠠᠶᠢᠳᠤᠷ ᠡᠬᠢᠯᠡᠭᠦᠯᠵᠦ ᠰᠠᠶᠢᠳᠤᠷ ᠲᠡᠭᠦᠰᠭᠡᠵᠦ᠂ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠬᠢᠯᠭᠠᠨ ᠮᠡᠳᠡᠭᠡ︶ |