ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/7/11
   7 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠳᠠᠬᠢ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠦᠨᠨᠠᠨ ᠮᠤᠵᠢ ᠶᠢᠨ ᠴᠢᠦᠢ ᠵᠢᠩ ᠬᠤᠲᠠ ᠶᠢᠨ ᠲᠤᠭ᠎ᠠ ᠪᠦᠷᠢᠳᠬᠡᠯ ᠤᠨ ᠬᠠᠭᠤᠷᠮᠠᠭ ᠢ ᠵᠣᠬᠢᠶᠠᠭᠰᠠᠨ᠂ ᠤᠯᠤᠰ ᠲᠥᠷᠥ ᠶᠢᠨ ᠠᠮᠢ ᠠᠬᠤᠢ ᠮᠠᠭᠤᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠯᠠᠮᠵᠢᠯᠠᠨ ᠰᠤᠷᠤᠯᠴᠠᠭᠰᠠᠨ ᠪᠥᠭᠡᠳ ᠪᠠᠷᠢᠮᠵᠢᠶᠠᠯᠠᠨ ᠬᠠᠷᠭᠤᠭᠤᠯᠬᠤ᠂ ᠲᠠᠷᠢᠬᠢ ᠲᠣᠯᠣᠭᠠᠢ ᠳᠤ ᠬᠠᠳᠠᠩᠰᠢᠭᠤᠯᠵᠤ ᠰᠡᠳᠬᠢᠯ ᠳᠤᠨᠢ ᠬᠠᠳᠠᠩᠰᠢᠭᠤᠯᠵᠤ ᠦᠵᠡᠯ ᠰᠠᠨᠠᠭᠠᠨ ᠤ ᠵᠥᠷᠢᠶ᠎ᠡ ᠶᠢ ᠵᠠᠯᠠᠷᠠᠭᠤᠯᠬᠤ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠢᠯᠠᠩᠭᠤᠶ᠎ᠠ ᠥᠪᠥᠷ ᠮᠣᠩᠭᠤᠯ ᠤᠨ ᠴᠢᠬᠤᠯᠠ ᠶᠠᠷᠢᠶᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢᠨ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠦᠷᠭᠦᠯᠵᠢᠯᠡᠨ ᠰᠠᠶᠢᠲᠤᠷ ᠵᠠᠮᠨᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠳᠥᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠨᠠᠮ ᠤᠨ ᠭᠡᠰᠢᠭᠦᠨ ᠺᠠᠳ᠋ᠷ ᠢᠯᠠᠩᠭᠤᠶ᠎ᠠ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠴᠢᠩᠭ᠎ᠠ ᠬᠢᠨᠠᠯᠲᠠ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠬᠤ ᠬᠡᠷᠡᠭᠲᠡᠢ᠃ ᠳᠦᠷᠢᠮ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ᠂ ᠡᠷᠬᠡ ᠶᠢᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠬᠦ ᠶᠢ ᠢᠳᠡᠪᠬᠢᠲᠡᠢ ᠬᠥᠲᠥᠯᠥᠨ ᠵᠢᠯᠣᠭᠤᠳᠬᠤ ᠬᠡᠷᠡᠭᠲᠡᠢ᠃ ᠪᠠᠷᠢᠮᠵᠢᠶᠠᠯᠠᠨ ᠬᠠᠷᠭᠤᠭᠤᠯᠵᠤ ᠂ ᠲᠠᠷᠢᠬᠢ ᠲᠣᠯᠣᠭᠠᠢ ᠳᠤ ᠬᠠᠳᠠᠩᠰᠢᠭᠤᠯᠤᠨ᠂ ᠰᠡᠳᠬᠢᠯ ᠳᠡᠭᠡᠨ ᠨᠡᠩ ᠶᠡᠭᠡ ᠬᠦᠴᠦ ᠣᠷᠣᠭᠤᠯᠵᠤ᠂ ᠲᠡᠷᠡ ᠬᠡᠪ ᠢᠶᠠᠷ ᠨᠢ ᠰᠤᠷᠤᠯᠴᠠᠵᠤ᠂ ᠦᠭᠡ ᠥᠭᠦᠯᠡᠪᠦᠷᠢ ᠶᠢ ᠨᠢᠭᠡ ᠨᠢᠭᠡ ᠪᠠᠷ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠰᠤᠷᠤᠯᠴᠠᠵᠤ ᠰᠤᠳᠤᠯᠤᠨ ᠶᠠᠷᠢᠯᠴᠠᠬᠤ ᠳᠤᠮᠳᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠨᠠᠷᠢᠨ ᠬᠢᠨᠠᠮᠠᠭᠠᠢ ᠪᠠᠶᠢᠴᠠᠭᠠᠬᠤ ᠳᠤᠮᠳᠠ ᠳᠤᠲᠠᠭᠤᠳᠠᠯ ᠢᠶᠠᠨ ᠣᠨᠣᠪᠴᠢᠲᠠᠢ ᠡᠷᠢᠨ ᠣᠯᠵᠤ᠂ ᠬᠦᠴᠦᠯᠡᠨ ᠥᠭᠡᠷᠡᠴᠢᠯᠡᠬᠦ ᠳᠤᠮᠳᠠ ᠠᠯᠳᠠᠭ᠎ᠠ ᠪᠤᠷᠤᠭᠤ ᠪᠠᠨ ᠵᠠᠯᠠᠷᠠᠭᠤᠯᠬᠤ ᠬᠡᠷᠡᠭᠲᠡᠢ᠃ ᠵᠣᠷᠢᠭᠲᠠᠢ ᠪᠠᠷ ᠬᠠᠲᠠᠭᠤ ᠲᠠᠢ ᠬᠠᠯᠳᠠᠵᠤ ᠂ ᠠᠰᠠᠭᠤᠳᠠᠯ ᠤᠨ ᠨᠠᠷᠢᠨ ᠳᠠᠩᠰᠠ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠡᠬᠡ ᠳᠠᠩᠰᠠ ᠶᠢ ᠴᠢᠩᠭ᠎ᠠ ᠠᠩᠬᠠᠷᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号