ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/7/11
   7 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠤᠷᠠᠯ ᠬᠤᠰᠢᠭᠤᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠶᠣᠰᠣᠯᠠᠯ ᠤᠨ ᠲᠠᠩᠬᠢᠮ ᠳᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠬᠤᠷᠠᠯ ᠢ ᠡᠷᠬᠢᠯᠡᠪᠡ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠮᠡᠳᠡᠭᠳᠡᠵᠦ᠂ ᠪᠦᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ︽ᠳᠥᠷᠪᠡ ᠶᠢ ᠰᠠᠯᠭᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ᠂ ᠠᠵᠤ ᠦᠢᠯᠡᠰ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠠᠷᠢᠶᠠᠨ ᠭᠠᠵᠠᠷ ᠢ ᠬᠠᠮᠠᠭᠠᠯᠠᠬᠤ᠂ ᠤᠤᠭᠤᠬᠤ ᠤᠰᠤᠨ ᠤ ᠠᠮᠤᠷ ᠲᠦᠪᠰᠢᠨ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠦᠷᠢᠶ᠎ᠡ ᠴᠠᠷᠠᠭ᠎ᠠ ᠨᠢᠭᠡᠪᠦᠷᠢ᠂ ᠠᠰᠠᠭᠤᠳᠠᠯ ᠳᠠᠷᠠᠭᠠᠯᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠢ ᠴᠢᠬᠤᠯᠠᠴᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠰᠢᠨᠵᠢᠯᠡᠬᠦ ᠤᠬᠠᠭᠠᠨᠴᠢ ᠪᠥᠭᠡᠳ ᠯᠠᠪᠳᠠᠭᠤᠨ ᠢᠶᠠᠷ ᠠᠬᠢᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠂ ᠵᠣᠷᠯᠣᠩ ᠢ ᠰᠠᠶᠢᠲᠤᠷ ᠪᠠᠶᠢᠭᠤᠯᠵᠤ᠂ ᠣᠯᠠᠨ ᠲᠦᠮᠡᠨ ᠳᠤᠷᠠᠲᠠᠶ᠎ᠠ ᠬᠡᠷᠡᠭᠯᠡᠬᠦ ᠶᠢ ᠪᠠᠲᠤᠯᠠᠬᠤ ᠬᠡᠷᠡᠭᠲᠡᠢ᠃    ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠲᠤᠰ ᠬᠦᠷᠢᠶᠡᠨ ᠳᠠᠬᠢ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠢᠵᠢ ᠪᠥᠷᠢᠳᠦᠯ ᠪᠠ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠵᠣᠯᠭᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠮᠤ ᠪᠠᠯᠭᠠᠰᠤᠨ ᠤ ᠠᠰᠠᠭᠤᠳᠠᠯ ᠳᠤ ᠴᠢᠭᠯᠡᠭᠦᠯᠦᠨ ᠪᠠᠷᠢᠮᠵᠢᠶ᠎ᠠ ᠳᠤ ᠴᠢᠭᠯᠡᠭᠦᠯᠦᠨ ᠳᠤᠲᠠᠭᠤᠳᠠᠯ ᠢ ᠨᠥᠬᠦᠪᠥᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠵᠢᠯᠣᠭᠤᠳᠬᠤ ᠬᠡᠷᠡᠭᠲᠡᠢ᠃ ᠬᠤᠷᠠᠯ ᠲᠡᠭᠦᠰᠦᠭᠰᠡᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ ᠬᠤᠷᠠᠯ ᠳᠤ ᠣᠷᠣᠯᠴᠠᠭᠰᠠᠳ ᠲᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠬᠢᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号