ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/7/11
   7 ᠰᠠᠷ᠎ᠠ ᠶᠢᠨ 8 ᠠᠴᠠ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠵᠢᠴᠢ ᠪᠣᠭᠤᠮᠲᠠ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃   ᠸᠠᠩ ᠯᠢ ᠰᠢᠶᠠ ᠰᠢᠯᠢ ᠶᠢᠨ ᠭᠤᠣᠯ ᠤᠨ ᠲᠠᠯ᠎ᠠ ᠨᠤᠲᠤᠭ ᠤᠨ ᠬᠠᠮᠠᠭᠠᠯᠠᠯᠲᠠ ᠶᠢᠨ ᠪᠠᠶᠢᠳᠠᠯ ᠢ ᠮᠠᠰᠢ ᠬᠠᠯᠠᠮᠵᠢᠯᠠᠵᠤ ᠂ ᠪᠠᠶᠢᠴᠠᠭᠠᠨ ᠰᠤᠳᠤᠯᠤᠯᠲᠠ ᠬᠢᠬᠦ ᠵᠠᠮ ᠵᠠᠭᠤᠷ᠎ᠠ ᠪᠠᠨ ᠨᠤᠲᠤᠭ ᠪᠡᠯᠴᠢᠭᠡᠷ ᠢ ᠡᠪᠳᠡᠭᠰᠡᠨ ᠰᠡᠵᠢᠭᠯᠡᠯᠲᠡᠢ ᠦᠵᠡᠭᠳᠡᠯ ᠢ ᠤᠯᠵᠤ ᠮᠡᠳᠡᠮᠡᠭᠴᠡ ᠲᠤᠬᠠᠢ ᠶᠢᠨ ᠲᠠᠯᠠᠪᠠᠢ ᠳᠤ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠬᠥᠮᠦᠵᠢᠭᠦᠯᠵᠦ ᠪᠠᠶᠢᠭᠠᠳ ᠭᠡᠷ᠎ᠡ ᠶᠢᠨ ᠵᠣᠷᠢᠭ ᠰᠠᠨᠠᠭ᠎ᠠ ᠶᠢ ᠴᠢᠩᠭᠠᠳᠬᠠᠵᠤ᠂ ᠪᠡᠯᠴᠢᠭᠡᠷᠯᠡᠭᠦᠯᠬᠦ ᠶᠢ ᠵᠤᠬᠰᠤᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠯᠤᠰ ᠤᠨ ᠨᠥᠬᠦᠪᠥᠷᠢ ᠶᠢ ᠬᠦᠯᠢᠶᠡᠨ ᠠᠪᠤᠭᠰᠠᠨ ᠪᠠᠶᠢᠪᠠᠯ ᠡᠷᠬᠡᠪᠰᠢ ᠬᠠᠮᠠᠭᠠᠯᠠᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠬᠡᠷᠡᠭᠲᠡᠢ᠃ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠮᠡᠳᠡᠭᠦᠯᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠣᠶ ᠰᠢᠭᠤᠶ ᠨᠤᠲᠤᠭ ᠪᠡᠯᠴᠢᠭᠡᠷ ᠢ ᠡᠪᠳᠡᠨ ᠰᠦᠢᠳᠭᠡᠬᠰᠡᠨ ᠦᠵᠡᠭᠳᠡᠯ ᠢ ᠢᠯᠡᠷᠡᠭᠦᠯᠦᠮᠡᠭᠴᠡ ᠴᠣᠬᠢᠯᠲᠠ ᠥᠭᠴᠦ᠂ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠥᠮᠦᠨ ᠪᠦᠬᠦᠨ ᠡᠪᠳᠡᠬᠦ ᠵᠣᠷᠢᠭ ᠥᠬᠡᠶ᠂ ᠬᠥᠮᠦᠨ ᠪᠦᠬᠦᠨ ᠦᠨᠡᠨ ᠰᠡᠳᠭᠢᠯ ᠠᠴᠠ ᠪᠠᠨ ᠬᠠᠶᠢᠷᠠᠯᠠᠨ ᠬᠠᠮᠠᠭᠠᠯᠠᠬᠤ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠲᠤ ᠪᠠᠬᠢ ᠪᠤᠯᠭᠠᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠰᠢᠯᠢᠩᠬᠤᠲᠠ ᠶᠢᠨ ᠲᠡᠭᠦᠷᠭᠡ ᠶᠢᠨ ᠨᠢᠭᠡᠨ ᠬᠤᠭ ᠨᠣᠪᠰᠢ ᠪᠤᠯᠠᠬᠤ ᠲᠠᠯᠠᠪᠤᠷ ᠲᠤ ᠬᠦᠷᠴᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠠᠴᠠ ᠵᠢᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠵᠤ᠂ ᠬᠠᠲᠠᠭᠤ ᠲᠠᠢ ᠨᠢ ᠬᠠᠯᠳᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠠᠷᠢᠮᠵᠢᠶ᠎ᠠ ᠶᠢ ᠶᠠᠭᠠᠬᠢᠭᠰᠠᠨ ᠴᠤ ᠪᠠᠭᠤᠷᠠᠭᠤᠯᠵᠤ ᠪᠣᠯᠬᠤ ᠦᠭᠡᠢ᠂ ᠨᠡᠩ ᠴᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠯᠬᠤ ᠦᠭᠡᠢ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ ᠪᠠᠶᠢᠭᠠᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠪᠤᠲᠠᠲᠠᠢ ᠳᠤ ᠨᠠᠶᠢᠳᠠᠪᠦᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃   ᠤᠯᠠᠭᠠᠶ ᠶᠢᠨ ᠤᠯᠠᠨ ᠲᠤᠬᠤᠢ ᠦᠵᠡᠮᠵᠢ ᠶᠢᠨ ᠤᠷᠤᠨ ᠨᠢ ᠶᠠᠭ ᠤᠯᠤᠰ ᠤᠨ 5 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠸᠠᠩ ᠯᠢ ᠰᠢᠶᠠ ᠡᠭᠦᠳᠦᠨ ᠪᠠᠶᠢᠭᠤᠯᠬᠤ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ︽ᠬᠤᠯᠠ ᠶᠢᠨ ᠲᠡᠷᠭᠡᠯ ᠨᠤᠲᠤᠭ ᠤᠯᠠᠭᠠᠶ︾ ᠪᠣᠯ ᠲᠡᠭᠡᠲᠤ ᠲᠩᠷᠢ ᠠᠴᠠ ᠰᠣᠶᠣᠷᠬᠠᠭᠰᠠᠨ ᠬᠤᠪᠣᠷ ᠡᠷᠳᠡᠨᠢ ᠮᠥᠨ᠂ ᠵᠢᠭᠤᠯᠴᠢᠯᠠᠭᠰᠡᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠨᠠᠷᠢᠨ ᠵᠦᠢᠯᠡᠰ ᠢ ᠴᠢᠬᠤᠯᠠᠴᠢᠯᠠᠨ᠂ ᠭᠤᠭᠴᠤᠭ᠎ᠠ ᠳᠠᠷᠠᠭᠠᠯᠠᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ ᠶᠢ ᠵᠣᠬᠢᠶᠠᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠂ ᠭᠠᠵᠠᠷ ᠪᠤᠯᠭᠠᠨ ᠳᠤ ᠴᠥᠮ ᠥᠪᠥᠷ ᠮᠣᠩᠭᠤᠯ ᠤᠨ ᠦᠨᠦᠷ ᠠᠮᠲᠠ ᠶᠢ ᠪᠢᠯᠬᠠᠭᠤᠯᠬᠤ ᠬᠡᠷᠡᠭᠲᠡᠢ᠃ ᠡᠵᠡᠩᠨᠡᠯᠲᠡ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠵᠢᠭᠤᠯᠴᠢᠯᠠᠯ ᠤᠨ ᠠᠵᠤ ᠠᠬᠤᠶ ᠶᠢ ᠬᠦᠴᠦᠷᠬᠡᠭᠵᠢᠭᠦᠯᠦᠨ᠂ ︽ᠶᠠᠭᠤ ᠢᠳᠡᠬᠦ᠂ ᠶᠠᠭᠤ ᠤᠤᠭᠤᠬᠤ᠂ ᠶᠠᠮᠠᠷ ᠪᠠᠭᠤᠳᠠᠯ ᠳᠤ ᠰᠠᠭᠤᠬᠤ᠂ ᠶᠠᠭᠤ ᠨᠠᠭᠠᠳᠬᠤ᠂ ᠶᠠᠭᠤ ᠬᠤᠳᠠᠯᠳᠤᠨ ᠠᠪᠬᠤ︾ ᠶᠢᠨ ᠲᠤᠭᠤᠷᠢᠨ ᠳᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠂ ᠨᠠᠩ ᠣᠯᠠᠨ ᠪᠡᠶᠡᠴᠢᠯᠡᠨ ᠣᠶᠢᠯᠠᠭᠠᠬᠤ ᠴᠢᠨᠠᠷ᠂ ᠬᠤᠷᠰᠢᠯᠴᠠᠬᠤ ᠴᠢᠨᠠᠷ ᠢᠶᠠᠷ ᠴᠢᠩᠭ᠎ᠠ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠤᠬᠠᠭᠤᠯᠤᠨ ᠵᠢᠭᠤᠯᠴᠢᠯᠠᠭᠰᠡᠳ ᠢ ᠲᠠᠲᠠᠬᠤ ᠡᠷᠴᠢᠮ ᠢᠶᠠᠨ ᠴᠢᠩᠭᠠᠷᠠᠭᠤᠯᠤᠨ᠂ ᠨᠠᠩ ᠣᠯᠠᠨ ᠬᠥᠮᠦᠰ ᠤᠨ ᠲᠠᠯ᠎ᠠ ᠨᠤᠲᠤᠭ ᠲᠤ ᠬᠦᠷᠦᠯᠴᠡᠨ ᠢᠷᠡᠵᠦ ᠰᠡᠯᠡᠭᠦᠴᠡᠨ ᠠᠮᠠᠷᠠᠬᠤ ᠶᠢ ᠲᠠᠲᠠᠵᠤ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃   ᠬᠤᠸᠠ ᠰᠢ ᠦᠬᠡᠷ ᠪᠣᠯ ᠮᠠᠨ ᠤ ᠤᠯᠤᠰ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠮᠢᠬᠠᠨ ᠤ ᠦᠬᠡᠷ ᠤᠨ ᠰᠢᠨ᠎ᠡ ᠡᠭᠦᠯᠳᠡᠷ ᠪᠣᠯᠤᠨ᠎ᠠ᠃ ᠸᠠᠩ ᠯᠢ ᠰᠢᠶᠠ ᠮᠠᠯᠴᠢᠨ ᠪᠠᠢ ᠲᠢᠶᠤ ᠵᠦ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠵᠦ᠂ ᠤᠯᠠᠨ ᠲᠠᠢ ᠬᠠᠮᠲᠤ ᠰᠠᠭᠤᠯᠴᠠᠵᠤ ᠮᠠᠯ ᠠᠵᠤ ᠠᠬᠤᠢ ᠶᠢᠨ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠵᠠᠮ ᠢ ᠰᠤᠳᠤᠯᠤᠨ ᠶᠠᠷᠢᠯᠴᠠᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠢ ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠤᠪᠢ ᠨᠡᠮᠡᠷᠢ ᠦᠵᠡᠭᠦᠯᠬᠦ ᠦᠨᠳᠦᠷᠴᠡ ᠠᠴᠠ ᠰᠢᠯᠢᠳᠡᠭ ᠡᠭᠦᠯᠳᠡᠷ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠸᠠ ᠰᠢ ᠦᠬᠡᠷ ᠭᠡᠬᠦ ᠡᠨᠡ ᠬᠦ ᠲᠦᠷᠦᠯ ᠲᠡᠮᠳᠡᠭ ᠢ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ︔ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠪᠣᠷᠳᠣᠬᠤ ᠳᠡᠭᠡᠷ᠎ᠡ ᠬᠦᠴᠦ ᠲᠠᠯᠪᠢᠵᠤ᠂ ᠮᠢᠬᠠᠨ ᠤ ᠦᠬᠡᠷ ᠤᠨ ᠠᠵᠤ ᠦᠢᠯᠡᠰ ᠤᠨ ᠨᠡᠮᠡᠯᠲᠡ ᠥᠷᠲᠡᠭ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ︔ ᠲᠡᠵᠢᠭᠡᠬᠦ ᠶᠢᠨ ᠲᠥᠯᠥᠭᠡ ᠲᠠᠷᠢᠬᠤ ᠶᠢ ᠪᠠᠷᠢᠮᠲᠠᠯᠠᠵᠤ᠂ ᠪᠡᠯᠴᠢᠭᠡᠷ ᠤᠨ ᠪᠠᠭᠲᠠᠭᠠᠮᠵᠢ ᠶᠢ ᠵᠣᠬᠢᠰᠲᠠᠢ ᠬᠢᠵᠠᠭᠠᠷᠯᠠᠵᠤ᠂ ᠡᠪᠡᠰᠦᠨ ᠤ ᠦᠢᠯᠡᠰ ᠤᠨ ᠬᠥᠭᠵᠢᠯᠲᠡ ᠶᠢᠨ ᠲᠤᠷᠰᠢᠯᠲᠠ ᠶᠢᠨ ᠣᠷᠣᠨ ᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ ᠵᠠᠬᠢᠪᠠ᠃ ᠪᠠᠢ ᠲᠢᠶᠤ ᠵᠦ ᠶᠢᠨ ᠬᠢᠨ ᠪᠣᠯ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠪᠣᠯᠬᠤ ᠶᠢ ᠮᠡᠳᠡᠭᠡᠳ ᠲᠡᠷᠡ ᠨᠠᠮ ᠤᠨ ᠭᠡᠰᠢᠭᠦᠨ ᠨᠢᠭᠡ ᠪᠦᠷᠢ ᠴᠥᠮ ᠮᠠᠯᠵᠢᠬᠤ ᠣᠷᠣᠨ ᠤ ᠲᠤᠭ ᠲᠡᠮᠳᠡᠭ ᠮᠥᠨ᠂ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠰᠠᠶᠢᠲᠤᠷ ᠳᠠᠭᠠᠭᠤᠯᠬᠤ ᠪᠠᠷ ᠪᠠᠷᠠᠬᠤ ᠦᠭᠡᠢ ᠳᠡᠷᠭᠡᠳᠡᠬᠢ ᠤᠯᠠᠨ ᠲᠦᠮᠡᠨ ᠢᠶᠠᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠦᠳᠦᠯᠦᠨ ᠳᠠᠭᠠᠭᠤᠯᠵᠤ ᠲᠠᠶᠢᠴᠢᠯᠠᠬᠤ ᠬᠡᠷᠡᠭᠲᠡᠢ ᠭᠡᠵᠦ ᠬᠡᠯᠡᠪᠡ᠃   ᠸᠠᠩ ᠯᠢ ᠰᠢᠶᠠ ᠪᠠᠰᠠ ᠵᠡᠭᠦᠨ ᠬᠠᠲᠠᠪᠴᠢ ᠪᠣᠭᠤᠮᠲᠠ ᠳᠤ ᠬᠦᠷᠴᠦ ᠪᠦᠳᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠪᠣᠳᠠᠲᠤ ᠪᠠᠶᠢᠳᠠᠯ ᠳᠠᠭᠠᠨ ᠰᠠᠭᠤᠷᠢᠯᠠᠨ ᠪᠣᠭᠤᠮᠲᠠ ᠶᠢᠨ ᠬᠥᠭᠵᠢᠯᠲᠡ ᠶᠢ ᠤᠬᠠᠭᠠᠯᠠᠨ ᠲᠦᠯᠦᠪᠯᠡᠵᠦ᠂ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠦ᠂ ᠡᠬᠢ ᠪᠠᠶᠠᠯᠢᠭ᠂ ᠣᠷᠣᠨ ᠪᠠᠶᠢᠷᠢ᠂ ᠵᠠᠮ ᠬᠠᠷᠢᠯᠴᠠᠭ᠎ᠠ᠂ ᠠᠵᠤ ᠦᠢᠯᠡᠰ ᠤᠨ ᠰᠠᠭᠤᠷᠢ ᠶᠢ ᠳᠡᠭᠡᠳᠦ ᠬᠡᠮᠵᠶ᠊ ᠡᠶ᠎ᠡ ᠪᠠᠷ ᠵᠣᠬᠢᠴᠠᠭᠤᠯᠤᠭᠰᠠᠨ ᠨᠤᠲᠤᠭᠰᠢᠭᠰᠠᠨ ᠡᠳ᠋ᠰᠢᠭᠦᠯᠬᠦ ᠦᠢᠯᠡᠰ ᠢ ᠨᠢᠮᠪᠠᠢ ᠪᠤᠶᠢᠵᠢᠭᠤᠯᠵᠤ᠂ ᠰᠢᠯᠢ ᠶᠢᠨ ᠭᠤᠣᠯ ᠠᠶᠢᠮᠠᠭ ᠤᠨ ᠣᠨᠴᠠᠯᠢᠭ ᠲᠠᠢ ᠤᠮᠠᠷᠠᠰᠢ ᠨᠡᠭᠡᠭᠡᠯᠳᠠ ᠬᠢᠬᠦ ᠪᠠᠬᠢᠯᠡᠯᠲᠡ ᠶᠢ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号