ᠥᠪᠡᠷᠲᠡᠭᠡᠨ ᠵᠠᠰᠠᠬᠤ ᠣᠷᠣᠨ ᠪᠠ ᠬᠢᠩᠭᠠᠨ ᠠᠶᠢᠮᠠᠭ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ | ᠪᠠᠶᠢᠷᠢᠯᠠᠭᠤᠯᠤᠯᠲᠠ ᠶᠢ ᠢᠳᠡᠪᠬᠢᠲᠡᠢ ᠳᠠᠭᠠᠬᠤ ᠶᠢᠨ ᠲᠥᠯᠥᠭᠡ᠂ 6 ᠰᠠᠷ᠎ᠠ ᠶᠢᠨ 30 ᠤ ᠡᠳᠦᠷ ᠠᠴᠠ 7 ᠰᠠᠷ᠎ᠠ ᠶᠢᠨ | 2 ᠤᠨ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠠᠴᠠ ᠨᠢᠭᠡᠳᠦᠮᠡᠯ ᠹᠷᠣᠨᠲ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠤᠯᠪᠣᠭᠠᠯᠠᠨ ᠠᠵᠤ ᠠᠬᠤᠶᠢᠯᠠᠯ ᠪᠠ ᠠᠵᠢᠯ | ᠡᠷᠢᠭᠰᠡᠳ ᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠲᠠᠪᠴᠠᠩ ᠢ ᠪᠠᠶᠢᠭᠤᠯᠵᠤ᠂ ᠪᠠᠷᠠᠭᠤᠨ ᠵᠢᠷᠢᠮ ᠪᠠᠯᠭᠠᠰᠤ᠂ | ᠲᠦᠯᠢᠶᠡᠮᠤᠳᠤ ᠪᠠᠯᠭᠠᠰᠤ᠂ ᠭᠤᠣᠯ ᠤᠨ ᠪᠠᠶᠢᠰᠢᠩ ᠪᠠᠯᠭᠠᠰᠤ᠂ ᠪᠠᠶᠠᠨᠮᠠᠩᠬ᠎ᠠ ᠰᠤᠮᠤ᠂ ᠪᠠᠶᠠᠨᠬᠤᠰᠢᠭᠤ ᠪᠠᠯᠭᠠᠰᠤᠨ ᠳᠤ | ᠬᠤᠤᠯᠢᠩᠭᠤᠤᠯ ᠬᠤᠲᠠ - ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠬᠥᠳᠡᠭᠡ ᠲᠣᠰᠬᠤᠨ ᠤ ᠠᠵᠢᠯ | ᠣᠯᠭᠤᠯᠲᠠ ᠶᠢᠨ ᠶᠡᠭᠡ ᠴᠤᠭᠯᠠᠭᠠᠨ︾ ᠤ ᠣᠷᠣᠨ ᠪᠦᠰᠡ ᠠᠯᠤᠰᠯᠠᠭᠰᠠᠨ ᠠᠵᠢᠯᠲᠠᠨ ᠡᠯᠰᠡᠬᠦ ᠴᠤᠭᠯᠠᠭᠠᠨ ᠢ | ᠥᠷᠨᠢᠭᠦᠯᠵᠦ᠂ ᠬᠤᠶᠠᠷ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠯᠢᠶᠡᠮᠤᠳᠤ ᠪᠠᠯᠭᠠᠰᠤᠨ ᠤ ᠠᠵᠢᠯ ᠡᠷᠢᠭᠴᠢ ᠰᠢᠶᠣᠤ | ᠪᠠᠢ᠄ ︽ᠪᠢ ᠤᠤᠯ ᠨᠢ ᠭᠡᠷ ᠲᠡᠭᠡᠨ ᠠᠪᠤ ᠡᠵᠢ ᠪᠠᠨ ᠬᠠᠪᠰᠤᠷᠴᠤ ᠠᠵᠢᠯ ᠬᠢᠵᠦ᠂ ᠪᠠᠯᠭᠠᠰᠤᠨ ᠤ ᠨᠢᠭᠡᠨ ᠠᠵᠢᠯᠲᠠᠨ | ᠡᠯᠰᠡᠬᠦ ᠬᠤᠷᠠᠯ ᠢᠶᠠᠷ ᠢᠷᠡᠵᠦ ᠦᠵᠡᠭᠰᠡᠨ ᠢ ᠰᠣᠨᠣᠰᠤᠭᠠᠳ ᠡᠨᠡ ᠬᠦ ᠴᠠᠯᠢᠩ ᠠᠰᠠᠷᠠᠮᠵᠢ ᠬᠠᠷᠠᠭᠠᠯᠵᠠᠯ ᠨᠢ ᠪᠦᠷ | ᠨᠡᠯᠢᠶᠡᠳ ᠰᠠᠶᠢᠨ ᠪᠠᠶᠢᠪᠠ᠂ ᠪᠢ ᠡᠨᠡ ᠤᠳᠠᠭᠠᠨ ᠤ ᠲᠣᠬᠢᠶᠠᠯ ᠢᠶᠠᠷ ᠳᠠᠮᠵᠢᠨ ᠨᠡᠯᠢᠶᠡᠳ ᠲᠣᠬᠢᠷᠠᠮᠵᠢᠲᠠᠢ ᠠᠵᠢᠯ | ᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃ ᠠᠵᠢᠯᠲᠠᠳ ᠠᠵᠢᠯ ᠡᠷᠢᠭᠰᠡᠳ ᠲᠤ ᠠᠵᠢᠯ ᠣᠯᠬᠤ | ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠢ᠃ ᠠᠵᠢᠯᠲᠠᠨ ᠡᠯᠰᠡᠬᠦ ᠬᠤᠷᠠᠯ ᠤᠨ ᠲᠤᠬᠠᠢ ᠶᠢᠨ ᠲᠠᠯᠠᠪᠤᠷ ᠲᠤ ᠪᠠᠰᠠ | ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠲᠠᠪᠴᠠᠩ ᠢ ᠣᠨᠴᠠᠭᠠᠶᠢᠯᠠᠨ ᠲᠣᠬᠢᠷᠠᠭᠤᠯᠪᠠ | ᠃ ᠠᠵᠢᠯᠲᠠᠳ ᠠᠰᠠᠭᠤᠨ ᠯᠠᠪᠯᠠᠬᠤ ᠲᠠᠪᠴᠠᠩ ᠳᠤ ᠠᠵᠢᠯ ᠡᠷᠢᠭᠰᠡᠳ ᠲᠤ ᠲᠤᠰᠬᠠᠢ ᠮᠡᠷᠭᠡᠵᠢᠯ ᠤᠨ ᠠᠵᠢᠯ ᠣᠯᠭᠤᠬᠤ | ᠵᠢᠯᠣᠭᠤᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠦᠢᠯᠡᠴᠢᠯᠡᠭᠡ ᠬᠠᠩᠭᠠᠵᠤ᠂ ᠲᠡᠳᠡᠨ ᠤ ᠠᠵᠢᠯ | ᠣᠯᠬᠤ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠪᠠ᠃ ᠡᠨᠡ ᠨᠢ | ᠠᠵᠢᠯ ᠡᠷᠢᠭᠰᠡᠳ ᠢ ᠬᠠᠪᠰᠤᠷᠤᠨ ᠠᠵᠢᠯ ᠣᠯᠭᠤᠬᠤ ᠵᠠᠬ᠎ᠠ ᠳᠡᠯᠭᠡᠭᠦᠷ ᠪᠣᠯᠤᠨ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠨᠡᠩ ᠰᠠᠶᠢᠲᠤᠷ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠡᠳᠡᠨ ᠤ ᠠᠵᠢᠯ ᠣᠯᠬᠤ ᠢᠲᠡᠭᠡᠯ | ᠪᠣᠯᠤᠨ ᠪᠠᠲᠤᠯᠠᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠭᠤᠷᠪᠠᠨ ᠡᠳᠦᠷ ᠤᠨ | ᠬᠤᠭᠤᠴᠠᠭ᠎ᠠ ᠲᠠᠢ ᠶᠠᠪᠤᠭᠳᠠᠵᠤ᠂ ᠬᠤᠤᠯᠢᠩᠭᠤᠤᠯ ᠬᠤᠲᠠ ᠶᠢᠨ ᠥᠪᠥᠷ ᠮᠣᠩᠭᠤᠯ ᠤᠨ ᠯᠢᠶᠠᠨ ᠱᠧᠩ ᠰᠢᠨ᠎ᠡ | ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠲᠦᠩᠯᠢᠶᠣᠤ ᠶᠢᠨ ᠶᠤᠸᠡᠢ ᠴᠢ ᠪᠠᠷᠢᠯᠭ᠎ᠠ ᠶᠢᠨ ᠬᠢᠵᠠᠭᠠᠷᠲᠤ | ᠺᠣᠮᠫᠠᠨᠢ᠂ ᠬᠤᠤᠯᠢᠩᠭᠤᠤᠯ ᠬᠤᠲᠠ ᠶᠢᠨ ᠾᠧᠩ ᠶᠠᠩ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ᠂ ᠲᠦᠩᠯᠢᠶᠣᠤ ᠶᠢᠨ ᠾᠦᠸᠧ ᠮᠧᠢ ᠾᠧᠩ ᠳ᠋ᠡ ᠬᠥᠩᠭᠡᠨ ᠴᠠᠭᠠᠨ ᠤ ᠨᠤᠨᠲᠠᠭ ᠤᠨ ᠬᠢᠵᠠᠭᠠᠷᠲᠤ ᠺᠣᠮᠫᠠᠨᠢ | ᠵᠡᠷᠭᠡ ᠳᠥᠷᠪᠡᠨ ᠰᠢᠯᠢᠳᠡᠭ ᠠᠵᠤ ᠠᠬᠤᠶᠢᠯᠠᠯ ᠢᠳᠡᠪᠬᠢᠲᠡᠢ ᠣᠷᠣᠯᠴᠠᠵᠤ᠂ ᠴᠠᠬᠢᠯᠭᠠᠨ ᠤ ᠠᠵᠢᠯᠴᠢᠨ᠂ | ᠥᠷᠥᠯᠪᠢ ᠶᠢᠨ ᠠᠵᠢᠯᠴᠢᠨ᠂ ᠠᠮᠤᠷ ᠲᠦᠪᠰᠢᠨ ᠤ ᠠᠵᠢᠯᠲᠠᠨ᠂ ᠨᠢᠭᠲᠠᠯᠠᠨ ᠪᠣᠳᠣᠭᠴᠢ ᠵᠡᠷᠭᠡ ᠶᠢ ᠪᠠᠭᠲᠠᠭᠠᠭᠰᠠᠨ | 300 ᠭᠠᠷᠤᠢ ᠨᠢᠭᠡᠳᠦᠭᠡᠷ ᠹᠷᠣᠨᠲ ᠤᠨ ᠦᠢᠯᠡᠳᠪᠦᠷᠢᠯᠡᠯ ᠤᠨ ᠠᠵᠢᠯ ᠤᠨ ᠪᠠᠶᠢᠷᠢ ᠬᠠᠩᠭᠠᠵᠤ᠂ ᠴᠠᠯᠢᠩ | ᠬᠥᠯᠥᠰᠥ ᠨᠢ ᠵᠢᠯ ᠪᠦᠷᠢ 8 ᠲᠦᠮᠡ - 12 ᠲᠦᠮᠡᠨ ᠲᠥᠭᠦᠷᠢᠭ ᠬᠦᠷᠪᠡ᠂ ᠡᠭᠦᠨ ᠤ ᠬᠠᠮᠲᠤ ᠠᠵᠢᠯᠲᠠᠨ | ᠠᠵᠢᠯᠴᠢᠨ ᠪᠠᠰᠠ ᠲᠠᠪᠤᠨ ᠳᠠᠭᠠᠳᠬᠠᠯ᠂ ᠪᠠᠶᠠᠷ ᠤᠨ ᠡᠳᠦᠷ ᠤᠨ ᠤᠯᠠᠭᠠᠨ ᠪᠠᠭᠯᠠᠭ᠎ᠠ ᠵᠡᠷᠭᠡ ᠠᠰᠠᠷᠠᠮᠵᠢ ᠲᠠᠢ ᠪᠠᠶᠢᠵᠤ | ᠂ ᠮᠠᠰᠢ ᠣᠯᠠᠨ ᠠᠵᠢᠯ ᠡᠷᠢᠭᠰᠡᠳ ᠤᠨ ᠠᠩᠬᠠᠷᠤᠯ ᠢ ᠲᠠᠲᠠᠭᠰᠠᠨ ᠪᠠᠶᠢᠨ᠎ᠠ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠠᠵᠢᠯ ᠣᠯᠭᠤᠯᠲᠠ ᠶᠢ ᠠᠬᠢᠭᠤᠯᠬᠤ ᠲᠠᠰᠤᠭ ᠤᠨ ᠳᠠᠷᠤᠭ᠎ᠠ ᠪᠦᠦ | ᠶᠥᠩ ᠶᠢᠩ᠄ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠯ ᠤᠨ ᠡᠬᠢᠨ ᠠᠴᠠ ᠨᠠᠰᠢ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠤᠯᠢᠩᠭᠤᠤᠯ ᠬᠤᠲᠠ ᠵᠡᠷᠭᠡ ᠡᠷᠭᠢᠨ ᠲᠣᠭᠤᠷᠢᠨ ᠤ ᠭᠠᠵᠠᠷ | ᠣᠷᠣᠨ ᠯᠤᠭ᠎ᠠ ᠶᠢᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢᠨ ᠬᠠᠷᠢᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠣᠯᠠᠨ ᠤᠳᠠᠭ᠎ᠠ᠂ ᠴᠤᠭᠯᠠᠭ᠎ᠠ ᠵᠠᠬ᠎ᠠ ᠮᠠᠶ᠋ᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠢ ᠪᠠ ᠠᠵᠢᠯ ᠡᠷᠢᠭᠴᠢ ᠶᠢᠨ ᠥᠨᠳᠥᠷ | ᠪᠦᠲᠦᠮᠵᠢᠲᠡᠢ᠂ ᠨᠠᠷᠢᠯᠢᠭ ᠣᠨᠣᠴᠠᠲᠠᠢ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ | ᠪᠡᠶᠡᠯᠡᠭᠦᠯᠵᠦ᠂ ᠮᠠᠨ ᠤ ᠬᠤᠰᠢᠭᠤᠨ ᠤ ᠠᠵᠢᠯ ᠣᠯᠭᠤᠯᠲᠠ ᠶᠢ ᠪᠦᠷᠢᠨ ᠭᠦᠢᠴᠡᠳ᠂ ᠴᠢᠨᠠᠷ ᠰᠠᠶᠢᠲᠠᠢ ᠪᠡᠶᠡᠯᠡᠭᠦᠯᠬᠦ ᠶᠢ | ᠪᠦᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠵᠡᠢ᠃ |