ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ︽ᠪᠦᠬᠦ ᠤᠯᠤᠰ ᠤᠨ ᠪᠣᠯᠪᠠᠰᠤᠨ ᠨᠢᠭᠡᠴᠡ︾ ᠶᠢᠨ ᠴᠣᠯᠠ ᠬᠦᠷᠲᠡᠪᠡ
ᠨᠡᠶᠢᠲᠡᠯᠡᠭᠰᠡᠨ ᠴᠠᠭ᠄
2025/7/3
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠢᠮᠠᠭᠲᠠ ᠦᠨᠡᠨᠴᠢ ᠰᠢᠳᠤᠷᠭᠤ ᠪᠠᠶᠢᠬᠤ ᠪᠠᠷ ᠰᠦᠭ ᠰᠦᠨᠡᠰᠦ ᠪᠣᠯᠭᠠᠵᠤ᠂ ᠡᠷᠡᠰ ᠪᠠᠲᠤ ᠪᠠᠷ ᠵᠣᠷᠢᠭ ᠰᠠᠨᠠᠭ᠎ᠠ ᠪᠠᠨ ᠪᠣᠯᠭᠠᠵᠤ᠂ ᠭᠠᠯ ᠤᠨᠲᠠᠷᠠᠭᠠᠬᠤ᠂ ᠠᠶᠤᠯ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠢᠴᠢ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ ᠥᠭᠬᠦ ᠵᠡᠷᠭᠡ ᠠᠵᠢᠯ ᠤᠨ ᠳᠤᠮᠳᠠ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠠᠷᠠᠮ ᠦᠭᠡᠢ ᠵᠣᠷᠢᠭᠤᠯᠵᠤ᠂ ᠤᠯᠤᠰ ᠲᠥᠷᠥ ᠶᠢᠨ ᠲᠠᠯ᠎ᠠ ᠪᠠᠷ ᠡᠷᠡᠰ ᠪᠠᠲᠤ᠂ ᠨᠤᠭᠤᠷᠠᠰᠢ ᠦᠭᠡᠢ ᠲᠡᠮᠡᠴᠡᠬᠦ ᠠᠵᠢᠯ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠯᠠᠪᠳᠠᠭᠤᠨ ᠪᠠᠲᠤᠲᠠᠢ ᠠᠵᠢᠯ ᠪᠠ ᠭᠠᠷᠮᠠᠭᠠᠢ ᠠᠮᠵᠢᠯᠲᠠ ᠪᠦᠲᠦᠮᠵᠢ ᠳᠡᠭᠡᠨ ᠲᠦᠰᠢᠭᠯᠡᠨ᠂ ᠣᠶᠢᠷ᠎ᠠ ᠳᠤ ᠳᠣᠯᠣᠳᠤᠭᠠᠷ ᠬᠤᠭᠤᠴᠠᠭᠠᠨ ᠤ ︽ᠪᠦᠬᠦ ᠤᠯᠤᠰ ᠤᠨ ᠪᠣᠯᠪᠠᠰᠤᠨ ᠨᠢᠭᠡᠴᠡ︾ ᠶᠢᠨ ᠢᠷᠠᠭᠤ ᠠᠯᠳᠠᠷ ᠢ ᠬᠦᠷᠲᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠬᠦ ᠳᠤ᠂ ᠠᠩᠭᠢ ᠶᠢᠨ ᠭᠡᠰᠢᠭᠦᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠥᠷᠨᠢᠭᠦᠯᠵᠦ ᠪᠠᠶᠢᠪᠠ᠃ ᠶᠡᠭᠡ ᠠᠩᠭᠢ ᠣᠨᠣᠯ ᠤᠨ ᠰᠤᠷᠤᠯᠴᠠᠯᠭ᠎ᠠ ᠳᠤ ᠰᠢᠨ᠎ᠡ ᠶᠢ ᠡᠭᠦᠳᠴᠦ ᠰᠤᠯᠠ ᠰᠣᠨᠣᠰᠬᠤ ᠳᠦᠷᠢᠮ ᠢᠶᠠᠷ ᠳᠠᠮᠵᠢᠭᠤᠯᠤᠨ᠂ ︽ᠤᠯᠠᠮᠵᠢᠯᠠᠨ ᠰᠤᠷᠤᠯᠴᠠᠬᠤ ᠬᠢᠴᠢᠶᠡᠯ ᠤᠨ ᠲᠠᠩᠬᠢᠮ ︾᠂ ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠬᠤ ᠵᠡᠷᠭᠡ ᠬᠡᠯᠪᠡᠷᠢ ᠶᠢ ᠠᠪᠴᠤ᠂ ᠵᠢᠯᠣᠭᠤᠳᠣᠭᠴᠢ ᠪᠠᠶᠢᠯᠳᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠪᠠ᠃ ᠡᠭᠦᠨ ᠤ ᠬᠠᠮᠲᠤ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠭᠤᠣᠯ ᠬᠠᠷᠢᠭᠤᠴᠠᠯᠭ᠎ᠠ ᠭᠤᠣᠯ ᠠᠵᠢᠯ ᠲᠠᠢ ᠬᠠᠮᠲᠤ ᠪᠠᠷ ᠰᠤᠳᠤᠯᠵᠤ᠂ ᠬᠠᠮᠲᠤ ᠪᠠᠷ ᠠᠬᠢᠭᠤᠯᠵᠤ᠂ ᠶᠣᠰᠣ ᠰᠤᠷᠲᠠᠬᠤᠨ ᠤ ᠪᠠᠶᠢᠭᠤᠯᠤᠯᠲᠠ ᠶᠢ ᠨᠢᠭᠡᠴᠡ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ᠂ ᠤᠯᠤᠰ ᠲᠥᠷᠥ ᠶᠢᠨ ᠬᠥᠮᠦᠵᠢᠯ ᠤᠨ ᠲᠥᠯᠥᠪᠯᠡᠭᠡ ᠳᠤ ᠣᠷᠣᠭᠤᠯᠬᠤ᠂ ᠵᠢᠯᠣᠭᠤᠳᠣᠭᠴᠢ ᠪᠠᠶᠢᠯᠳᠤᠭᠴᠢᠳ ᠤᠨ ᠡᠳᠦᠷ ᠲᠤᠲᠤᠮ ᠤᠨ ᠠᠮᠢᠳᠤᠷᠠᠯ ᠳᠤ ᠣᠷᠣᠭᠤᠯᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ᠂ ᠰᠡᠳᠬᠢᠯ ᠰᠠᠨᠠᠭ᠎ᠠ ᠪᠠᠨ ᠬᠤᠪᠢᠶᠠᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠢᠯᠣᠭᠤᠳᠤᠭᠴᠢ ᠪᠠᠶᠢᠯᠳᠤᠭᠴᠢ ᠨᠢᠭᠡᠪᠦᠷᠢ ᠶᠢᠨ ᠦᠵᠡᠯ ᠰᠠᠨᠠᠭᠠᠨ ᠤ ᠤᠬᠠᠮᠰᠠᠷ᠂ ᠪᠣᠯᠪᠠᠰᠤᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号