ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ | ᠲᠥᠯᠥᠭᠡ᠂ 7 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠤᠨ | ᠳᠡᠰ ᠤᠨ ᠤᠳᠤᠷᠢᠳᠬᠤ ᠨᠥᠬᠦᠳ ᠪᠠᠲᠤᠴᠠᠭᠠᠨ ᠤ ᠣᠷᠳᠣᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ | ᠂ ᠤᠭ ᠰᠠᠨᠠᠭᠠᠨ ᠤ ᠣᠷᠳᠣᠨ ᠳᠤ ᠬᠦᠷᠴᠦ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠬᠦ ᠪᠠᠷ | ᠳᠠᠮᠵᠢᠭᠤᠯᠤᠨ ᠨᠠᠮᠴᠢ ᠴᠢᠨᠠᠷ ᠤᠨ ᠪᠣᠯᠪᠠᠰᠤᠷᠠᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠢᠭᠤᠨ ᠴᠢᠬᠡᠴᠢ | ᠰᠤᠷᠲᠠᠯ ᠢ ᠪᠣᠢ ᠪᠣᠯᠭᠠᠪᠠ᠃ | ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ ᠳᠤ᠂ ᠬᠤᠪᠣᠷ ᠨᠠᠨᠳᠢᠨ ᠲᠤᠯᠭᠤᠷ ᠪᠢᠴᠢᠭ᠂ ᠲᠡᠦᠬᠡ ᠶᠢᠨ | ᠵᠢᠷᠤᠭ ᠳᠦᠷᠰᠦ ᠪᠠ ᠪᠣᠳᠠᠲᠤ ᠪᠣᠳᠠᠰ ᠤᠨ ᠳᠠᠩᠰᠠ ᠡᠪᠬᠡᠮᠡᠯ ᠢᠶᠠᠷ ᠳᠠᠮᠵᠢᠭᠤᠯᠤᠨ᠂ ᠨᠠᠮ ᠤᠨ ᠭᠡᠷᠡᠯ ᠰᠠᠴᠤᠷᠠᠩᠭᠤᠢ | ᠲᠡᠦᠬᠡ ᠶᠢ ᠰᠤᠷᠤᠯᠴᠠᠵᠤ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠬᠥᠭᠵᠢᠯᠲᠡ ᠬᠤᠪᠢᠷᠠᠯᠲᠠ ᠶᠢᠨ ᠦᠯᠢᠭᠡᠷ ᠢ ᠰᠢᠭᠤᠳ ᠮᠡᠳᠡᠷᠡᠵᠦ᠂ ᠤᠯᠠᠮ | ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢᠶᠠᠨ | ᠤᠯᠠᠮ ᠪᠠᠲᠤᠳᠬᠠᠪᠠ᠃ ᠤᠭ ᠰᠠᠨᠠᠭᠠᠨ ᠤ ᠣᠷᠳᠣᠨ ᠳᠤ᠂ ᠪᠦᠬᠦ ᠬᠥᠮᠦᠰ ᠨᠠᠮ ᠤᠨ ᠲᠤᠭ ᠲᠤ ᠬᠠᠨᠳᠤᠭᠤᠯᠤᠨ | ᠪᠠᠷᠠᠭᠤᠨ ᠨᠢᠳᠤᠷᠭ᠎ᠠ ᠪᠠᠨ ᠲᠥᠪ ᠬᠢᠴᠢᠶᠡᠩᠭᠦᠢ ᠪᠠᠷ ᠡᠷᠭᠦᠵᠦ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ | ᠲᠠᠬᠢᠨ ᠰᠠᠨᠠᠭᠠᠯᠵᠠᠵᠤ᠂ ᠡᠷᠡᠰ ᠴᠢᠩᠭ᠎ᠠ ᠲᠠᠩᠭᠠᠷᠢᠭ ᠬᠢᠪᠡ᠃ ᠳᠠᠷᠠᠭ᠎ᠠ ᠨᠢ᠂ ᠰᠡᠷᠡᠮᠵᠢᠯᠡᠭᠦᠯᠬᠦ ᠬᠥᠮᠦᠵᠢᠯ ᠤᠨ | ᠹᠢᠯᠢᠮ ᠢ ᠲᠥᠪᠯᠡᠷᠡᠭᠦᠯᠦᠨ ᠦᠵᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠣᠯᠠᠨ ᠢᠶᠠᠷ ᠢᠶᠠᠨ᠂ ᠲᠤᠰ ᠤᠳᠠᠭ᠎ᠠ ᠶᠢᠨ ᠭᠤᠣᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠡᠭᠡᠳᠦ ᠬᠡᠮᠵᠢᠶᠡᠨ ᠤ ᠨᠠᠮᠴᠢ ᠴᠢᠨᠠᠷ ᠤᠨ | ᠤᠬᠠᠮᠰᠠᠷ᠂ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ᠂ ᠴᠢᠩᠭ᠎ᠠ ᠪᠣᠳᠠᠲᠠᠢ ᠠᠵᠢᠯ ᠤᠨ | ᠰᠤᠷᠲᠠᠯ ᠢᠶᠠᠷ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠠᠢ ᠦᠷ᠎ᠡ | ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃ ᠡᠭᠦᠨ ᠤ ᠬᠠᠮᠲᠤ᠂ ᠡᠭᠦᠳᠡ ᠪᠠᠨ ᠨᠡᠭᠡᠭᠡᠬᠦ ᠬᠥᠮᠦᠵᠢᠯ ᠢ | ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠭᠠᠵᠠᠷ ᠤᠨ ᠳᠡᠰ ᠤᠨ ᠤᠳᠤᠷᠢᠳᠬᠤ ᠨᠥᠬᠦᠳ ᠪᠠᠰᠠ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ ᠠᠬᠠᠮᠠᠳ ᠨᠠᠮ ᠤᠨ | ᠭᠡᠰᠢᠭᠦᠨ᠂ ᠬᠥᠳᠡᠯᠮᠦᠷᠢ ᠶᠢᠨ ᠵᠢᠱᠢᠶᠡᠴᠢ᠂ ᠬᠦᠴᠢᠷᠳᠡᠯᠲᠡᠢ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ | ᠲᠤᠬᠠᠢ ᠨᠠᠷᠢᠨ ᠬᠢᠨᠠᠮᠠᠭᠠᠢ ᠠᠰᠠᠭᠤᠨ ᠯᠠᠪᠯᠠᠪᠠ᠃ |