7 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠪᠦᠦ ᠬᠦᠭᠵᠢᠯᠲᠦ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠸᠠᠩ ᠨᠦ᠋ ᠨᠥᠬᠦᠷ ᠢ ᠪᠣᠯᠭᠤᠭᠠᠨ ᠲᠣᠬᠤᠨᠢᠭᠤᠯᠵᠤ | ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠡᠷᠬᠢᠮ ᠳᠡᠭᠡᠳᠦ ᠬᠦᠨᠳᠦᠳᠬᠡᠯ ᠪᠠ | ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | ᠲᠣᠬᠤᠨᠢᠭᠤᠯᠬᠤ ᠳᠤᠮᠳᠠ᠂ ᠪᠦᠦ ᠬᠦᠭᠵᠢᠯᠲᠦ ᠸᠠᠩ ᠨᠥᠯᠡ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠪᠡᠶ᠎ᠡ | ᠮᠠᠬᠠᠪᠣᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠪᠣᠳᠠᠲᠠᠢ ᠬᠡᠷᠡᠭᠴᠡᠭᠡ ᠶᠢ ᠬᠠᠯᠠᠮᠵᠢᠯᠠᠨ ᠠᠰᠠᠭᠤᠭᠰᠠᠨ | ᠪᠥᠭᠡᠳ ᠸᠠᠩ ᠨᠦᠢᠯ ᠯᠠ ᠶᠢᠨ ᠲᠡᠮᠡᠴᠡᠯ ᠤᠨ ᠥᠩᠭᠡᠷᠡᠯᠲᠡ ᠪᠠᠨ ᠨᠠᠷᠢᠨ ᠬᠢᠨᠠᠮᠠᠭᠠᠢ ᠰᠣᠨᠣᠰᠴᠠᠢ᠃ ᠪᠣᠣ ᠬᠥᠭᠵᠢᠯᠲᠦ | ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠲᠠᠯᠪᠢᠭᠴᠢ ᠮᠥᠨ᠃ ᠲᠡᠳᠡᠨ ᠤ ᠦᠨᠡᠨᠴᠢ ᠰᠢᠳᠤᠷᠭᠤ ᠪᠠᠷ | ᠬᠤᠪᠢ ᠨᠡᠮᠡᠷᠢ ᠦᠵᠡᠭᠦᠯᠦᠭᠰᠡᠨ ᠡᠷᠬᠢᠮ ᠳᠡᠭᠡᠳᠦ ᠵᠠᠩ ᠰᠤᠷᠲᠠᠯ ᠪᠠ ᠡᠷᠬᠢᠮ ᠨᠠᠨᠳᠢᠨ ᠲᠤᠷᠰᠢᠯᠭ᠎ᠠ ᠨᠢ ᠪᠦᠬᠦ | ᠬᠤᠰᠢᠭᠤᠨ ᠤ ᠦᠷᠭᠦᠯᠵᠢᠯᠡᠨ ᠲᠡᠮᠡᠴᠡᠬᠦ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠢ | ᠪᠦᠷᠢᠯᠳᠦᠭᠦᠯᠵᠡᠢ᠃ ᠲᠤᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠳᠤᠮᠳᠠ᠂ ᠬᠤᠰᠢᠭᠤ ᠭᠠᠵᠠᠷ ᠤᠨ ᠳᠡᠰ ᠤᠨ | ᠤᠳᠤᠷᠢᠳᠬᠤ ᠺᠠᠳ᠋ᠷ ᠪᠤᠰᠤᠳ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷ᠂ | ᠠᠬᠠᠮᠠᠳ ᠨᠠᠮ ᠤᠨ ᠭᠡᠰᠢᠭᠦᠨ᠂ ᠬᠥᠳᠡᠯᠮᠦᠷᠢ ᠶᠢᠨ ᠵᠢᠱᠢᠶᠡᠴᠢ ᠵᠢᠴᠢ ᠬᠦᠴᠢᠷᠳᠡᠯᠲᠡᠢ ᠨᠠᠮ ᠤᠨ ᠭᠡᠰᠢᠭᠦᠨ ᠤ ᠭᠡᠷ | ᠪᠦᠯᠢ ᠶᠢ ᠵᠡᠷᠭᠡᠪᠡᠷ ᠡᠷᠭᠢᠨ ᠦᠵᠡᠵᠦ᠂ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ | ᠬᠤᠰᠢᠭᠤᠨ ᠤ ᠤᠳᠤᠷᠢᠳᠤᠯᠭ᠎ᠠ ᠨᠠᠷ ᠲᠡᠳᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ | ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠬᠤᠷᠢᠶᠠᠪᠠ᠃ | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠠᠬᠠᠮᠠᠳ ᠨᠠᠮ ᠤᠨ ᠭᠡᠰᠢᠭᠦᠳ ᠶᠡᠬᠡᠳᠡ ᠵᠣᠷᠢᠭᠵᠢᠭᠤᠯᠵᠤ᠂ | ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢ ᠪᠠᠲᠤ ᠴᠡᠭᠡᠵᠢᠯᠡᠵᠦ᠂ ︽ᠠᠵᠢᠯ ᠠᠴᠠ ᠪᠠᠨ ᠠᠮᠠᠷᠠᠬᠤ ᠳᠤ ᠥᠩᠭᠡ ᠵᠢᠰᠦ | ᠪᠠᠭᠤᠷᠠᠬᠤ ᠦᠭᠡᠢ᠂ ᠠᠵᠢᠯ ᠤᠨ ᠪᠠᠶᠢᠷᠢ ᠠᠴᠠ ᠪᠠᠨ ᠰᠠᠯᠤᠭᠰᠠᠨ ᠨᠢ ᠨᠠᠮ ᠠᠴᠠ ᠰᠠᠯᠬᠤ ᠦᠭᠡᠢ︾ ᠪᠠᠶᠢᠬᠤ | ᠵᠠᠷᠴᠢᠮ ᠢ ᠪᠠᠷᠢᠮᠲᠠᠯᠠᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ |