11 ᠬᠤᠪᠢ ᠤᠯᠤᠰ ᠤᠨ ᠬᠡᠳᠦ ᠤᠷᠲᠤ ᠬᠤᠭᠤᠴᠠᠭᠠᠲᠤ ᠣᠨᠴᠠᠭᠠᠢ ᠵᠢᠭᠡᠯᠡᠯᠭᠡ ᠶᠢ ᠤᠳᠠᠯ ᠦᠭᠡᠢ ᠲᠠᠷᠬᠠᠭᠠᠬᠤ ᠪᠣᠯᠣᠨ᠎ᠠ
ᠨᠡᠶᠢᠲᠡᠯᠡᠭᠰᠡᠨ ᠴᠠᠭ᠄
2025/7/3
2025 ᠣᠨ ᠤ ᠭᠤᠷᠪᠠᠳᠤᠭᠠᠷ ᠤᠯᠠᠷᠢᠯ ᠳᠠᠬᠢ ᠤᠯᠤᠰ ᠤᠨ ᠵᠢᠭᠡᠯᠡᠯᠭᠡ ᠶᠢ ᠲᠠᠷᠬᠠᠭᠠᠬᠤ    ᠬᠤᠯᠪᠣᠭᠳᠠᠯ ᠪᠦ᠋ᠬᠦᠢ ᠲᠣᠬᠢᠷᠠᠭᠤᠯᠤᠯᠲᠠ ᠶᠢ ᠨᠡᠶᠢᠲᠡᠯᠡᠬᠦ ᠲᠤᠬᠠᠢ ᠮᠡᠳᠡᠭᠳᠡᠯ            ᠡᠳ᠋ ᠠᠯᠪᠠᠨ ᠬᠥᠮᠥᠷᠭᠡ ︹2025︺ 126 ᠳ᠋ᠤᠭᠠᠷ ᠲᠣᠭᠠᠲᠤ      ᠳᠠᠩᠰᠠᠯᠠᠬᠤ ᠬᠡᠯᠪᠡᠷᠢ ᠶᠢᠨ ᠤᠯᠤᠰ ᠤᠨ ᠵᠢᠭᠡᠯᠡᠯᠭᠡ ᠶᠢ ᠳᠠᠭᠠᠭᠠᠨ ᠪᠣᠷᠣᠯᠠᠭᠤᠯᠬᠤ ᠪᠦᠯᠬᠦᠮ ᠤᠨ ᠭᠡᠰᠢᠭᠦᠳ᠂ ᠬᠠᠳᠠᠭᠠᠯᠠᠮᠵᠢ ᠶᠢᠨ ᠤᠯᠤᠰ ᠤᠨ ᠵᠢᠭᠡᠯᠡᠯᠭᠡ ᠶᠢ ᠳᠠᠭᠠᠭᠠᠨ ᠪᠣᠷᠣᠯᠠᠭᠤᠯᠬᠤ ᠪᠦᠯᠬᠦᠮ ᠤᠨ ᠭᠡᠰᠢᠭᠦᠳ᠂ ᠲᠥᠪ ᠤᠨ ᠤᠯᠤᠰ ᠤᠨ ᠵᠢᠭᠡᠯᠡᠯᠭᠡ ᠶᠢ ᠲᠠᠩᠰᠠᠯᠠᠨ ᠳ᠋ᠦᠩᠨᠡᠨ ᠪᠤᠳᠤᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢ ᠳᠠᠩᠰᠠᠯᠠᠵᠤ ᠳ᠋ᠦᠩᠨᠡᠨ ᠪᠤᠳᠤᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠠᠷᠠᠯᠵᠢᠶᠠᠨ ᠤ ᠲᠥᠪ᠂ ᠱᠠᠩᠬᠠᠢ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠂ ᠱᠧᠨᠵᠧᠨ ᠤ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠂ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠲᠤ᠄   ᠡᠳᠦᠭᠡ 2025 ᠣᠨ ᠤ ᠭᠤᠷᠪᠠᠳᠤᠭᠠᠷ ᠤᠯᠠᠷᠢᠯ ᠳᠠᠬᠢ ᠵᠠᠩᠭᠢᠯᠠᠭ᠎ᠠ ᠶᠢᠨ ᠬᠤᠭᠤᠴᠠᠭᠠᠨ ᠤ ᠤᠯᠤᠰ ᠤᠨ ᠵᠢᠭᠡᠯᠡᠯᠭᠡ᠂ ᠤᠯᠤᠰ ᠤᠨ ᠣᠬᠤᠷ ᠬᠤᠭᠤᠴᠠᠭᠠᠲᠤ ᠵᠢᠭᠡᠯᠡᠯᠭᠡ᠂ ᠤᠯᠤᠰ ᠤᠨ ᠬᠠᠳᠠᠭᠠᠯᠠᠮᠵᠢ ᠶᠢᠨ ᠵᠢᠭᠡᠯᠡᠯᠭᠡ᠂ ᠤᠯᠤᠰ ᠤᠨ ᠬᠡᠳᠦ ᠣᠷᠳᠣ ᠬᠤᠭᠤᠴᠠᠭᠠᠲᠤ ᠣᠨᠴᠠᠭᠠᠢ ᠵᠢᠭᠡᠯᠡᠯᠭᠡ ᠶᠢ ᠲᠠᠷᠬᠠᠭᠠᠬᠤ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠨᠡᠶᠢᠲᠡᠯᠡᠪᠡ ︵ᠳᠠᠭᠠᠯᠳᠤᠭᠤᠯᠤᠯ ᠠᠴᠠ ᠦᠵᠡ︶᠃ ᠭᠦᠢᠴᠡᠳᠬᠡᠬᠦ ᠶᠠᠪᠤᠴᠠ ᠳᠤ ᠬᠤᠪᠢᠷᠠᠯᠲᠠ ᠭᠠᠷᠪᠠᠯ᠂ ᠲᠤᠬᠠᠢ ᠶᠢᠨ ᠦᠶ᠎ᠡ ᠶᠢᠨ ᠤᠯᠤᠰ ᠤᠨ ᠵᠢᠭᠡᠯᠡᠯᠭᠡ ᠲᠠᠷᠬᠠᠭᠠᠭᠰᠠᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ᠃   ᠳᠠᠭᠠᠯᠳᠤᠭᠤᠯᠤᠯ᠄ 2025 ᠣᠨ ᠤ ᠭᠤᠷᠪᠠᠳᠤᠭᠠᠷ ᠤᠯᠠᠷᠢᠯ ᠳᠠᠬᠢ ᠤᠯᠤᠰ ᠤᠨ ᠵᠢᠭᠡᠯᠡᠯᠭᠡ ᠶᠢ ᠲᠠᠷᠬᠠᠭᠠᠬᠤ ᠬᠤᠯᠪᠣᠭᠳᠠᠯ ᠪᠦᠬᠦᠢ ᠲᠣᠬᠢᠷᠠᠭᠤᠯᠤᠯᠲᠠ    ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ    2025 ᠣᠨ ᠤ 6 ᠳ᠋ᠤᠭᠠᠷ ᠰᠠᠷ᠎ᠠ ᠶᠢᠨ 30 ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号