ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠦᠯᠦᠭᠵᠢᠯ ᠪᠣᠯ ᠤᠯᠤᠰ ᠤᠨ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠬᠡᠷᠡᠭᠵᠢᠭᠦᠯᠬᠦ ᠲᠥᠰᠦᠯ︾ ᠳᠤ ᠲᠣᠳᠣᠷᠬᠠᠶᠢᠯᠠᠭᠰᠠᠨ ᠪᠥᠬᠦ ᠤᠯᠤᠰ ᠤᠨ 19 ᠬᠤᠲᠠ ᠶᠢᠨ | ᠪᠦᠯᠦᠭᠵᠢᠯ ᠤᠨ ᠨᠢᠭᠡ ᠪᠣᠯᠬᠤ ᠪᠥᠭᠡᠳ ᠪᠠᠰᠠ ᠴᠤ ᠮᠠᠨ ᠤ ᠣᠷᠣᠨ ᠤ ᠵᠠᠰᠠᠭ ᠵᠠᠬᠢᠷᠭᠠᠨ ᠤ ᠬᠦᠷᠢᠶ᠎ᠡ ᠬᠡᠪᠴᠢᠶ᠎ᠡ ᠶᠢ | ᠬᠠᠮᠤᠷᠤᠭᠰᠠᠨ ᠴᠣᠷᠢ ᠶᠢᠨ ᠭᠠᠭᠴᠠ ᠤᠯᠤᠰ ᠤᠨ ᠲᠠᠰ ᠤᠨ ᠬᠤᠲᠠ ᠶᠢᠨ ᠪᠦᠯᠦᠭᠵᠢᠯ ᠪᠣᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ | ᠮᠠᠨ ᠤ ᠣᠷᠣᠨ ᠱᠠᠨᠰᠢ ᠮᠤᠵᠢ ᠯᠤᠭ᠎ᠠ ᠨᠢᠭᠲᠠ ᠬᠠᠮᠵᠢᠯᠴᠠᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ | ᠬᠤᠲᠠ ᠶᠢᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠤᠯᠬᠤ ᠶᠢ ᠬᠠᠮᠲᠤ ᠪᠠᠷ | ᠠᠬᠢᠭᠤᠯᠪᠠ᠃ ᠨᠢᠭᠡ ᠳᠤ᠂ ᠬᠠᠮᠵᠢᠯᠴᠠᠭᠰᠠᠨ ᠥᠨᠳᠥᠷ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠪᠠ᠃ | ᠬᠤᠶᠠᠷ ᠮᠤᠵᠢ ᠣᠷᠣᠨ ᠤ ᠳᠡᠭᠡᠳᠦ ᠳᠠᠪᠬᠤᠷᠭ᠎ᠠ ᠠᠴᠠ ᠲᠣᠭᠲᠠᠮᠠᠯ ᠬᠤᠭᠤᠴᠠᠭ᠎ᠠ ᠲᠠᠢ ᠣᠶᠢᠯᠠᠭᠠᠯᠴᠠᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠢ | ᠲᠣᠭᠲᠠᠭᠠᠵᠤ᠂ ᠬᠠᠮᠲᠤᠷᠠᠨ ᠠᠵᠢᠯᠯᠠᠬᠤ ᠶᠢ ᠲᠦᠯᠬᠢᠨ ᠠᠬᠢᠭᠤᠯᠬᠤ ᠭᠤᠣᠯᠳᠠᠯᠭ᠎ᠠ ᠪᠣᠯᠬᠤ ᠵᠦᠢᠯᠡᠰ ᠢ ᠣᠨ | ᠣᠨ ᠢᠶᠠᠷ ᠳᠠᠷᠤᠮᠠᠯᠯᠠᠨ ᠶᠠᠪᠤᠭᠤᠯᠵᠤ᠂ ᠬᠤᠳᠠ ᠶᠢᠨ ᠳᠠᠷᠤᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃ | ᠬᠤᠶᠠᠷ ᠲᠤ᠂ ᠠᠮᠢ ᠠᠬᠤᠶ ᠶᠢ ᠬᠠᠮᠲᠤ ᠪᠠᠷ ᠵᠠᠰᠠᠬᠤ ᠠᠵᠢᠯ ᠳᠤ ᠢᠯᠡᠳᠲᠡ ᠦᠷ᠎ᠡ ᠪᠦᠲᠦᠮᠵᠢ ᠤᠯᠪᠠ᠃ ᠠᠭᠤᠯᠠ | ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠢ ᠲᠦᠯᠦᠪᠯᠡᠵᠦ᠂ ᠠᠮᠢ ᠠᠬᠤᠢ ᠶᠢᠨ ᠭᠤᠣᠯᠳᠠᠯᠭ᠎ᠠ ᠪᠣᠯᠬᠤ ᠢᠨᠵᠧᠨᠧᠷᠢᠩ ᠢ ᠬᠠᠮᠵᠢᠯᠴᠠᠨ | ᠠᠬᠢᠭᠤᠯᠵᠤ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠵᠠᠰᠠᠯᠲᠠ ᠶᠢᠨ ᠨᠤᠷᠮ᠎ᠠ ᠶᠢ 80% ᠳᠤ ᠬᠦᠷᠭᠡᠵᠦ᠂ ︽ | ᠡᠯᠡᠰᠦ ᠳᠥᠷᠢᠵᠦ ᠬᠥᠮᠦᠨ ᠵᠠᠶᠢᠳᠠᠬᠤ︾ ᠶᠢ ︽ᠨᠣᠭᠤᠭᠠᠷᠠᠭᠤᠯᠤᠯᠲᠠ ᠰᠠᠶᠢᠵᠢᠷᠠᠵᠤ ᠡᠯᠡᠰᠦ ᠲᠣᠭᠲᠠᠬᠤ︾ | ᠪᠣᠯᠭᠠᠭᠰᠠᠨ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠪᠡ᠃ ᠭᠤᠷᠪᠠ ᠳᠤ᠂ ᠵᠠᠮ ᠬᠠᠷᠢᠯᠴᠠᠭᠠᠨ ᠤ | ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠪᠠ᠃ ᠤᠯᠤᠰ ᠤᠨ ᠲᠡᠮᠦᠷ ᠵᠠᠮ ᠤᠨ ᠪᠦᠯᠦᠭᠯᠡᠯ ᠢ | ᠬᠠᠮᠲᠤ ᠪᠠᠷ ᠵᠣᠬᠢᠴᠠᠭᠤᠯᠵᠤ ᠪᠠᠶᠢᠭᠠᠳ ᠪᠤᠭᠤᠲᠤ ᠣᠷᠳᠣᠰ ᠲᠡᠮᠡᠭᠡᠲᠦ ᠶᠢᠨ ᠲᠥᠷᠭᠡᠨ ᠤ ᠲᠡᠮᠦᠷ ᠵᠠᠮ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠬᠡᠵᠦ᠂ ᠪᠤᠭᠤᠲᠤ ᠣᠷᠳᠣᠰ ᠤᠨ ᠬᠡᠰᠡᠭ ᠤᠨ ᠰᠤᠳᠤᠯᠭᠠᠨ ᠤ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠳᠠᠭᠤᠰᠬᠠᠪᠠ᠃ ᠬᠤᠶᠠᠷ ᠮᠤᠵᠢ ᠣᠷᠣᠨ ᠤ ᠵᠠᠭᠠᠭ ᠤᠨ ︽ᠮᠣᠬᠤᠷ | ᠵᠠᠮ︾ ᠢ ᠨᠡᠪᠲᠡᠷᠡᠭᠦᠯᠬᠦ ᠠᠵᠢᠯ ᠪᠣᠳᠠᠲᠤ ᠠᠬᠢᠴᠠ ᠲᠠᠢ ᠪᠣᠯᠪᠠ᠃ ᠣᠷᠣᠨ ᠪᠦᠰᠡ ᠶᠢᠨ ᠴᠢᠨᠠᠷᠲᠠᠶ ᠵᠠᠮ ᠬᠠᠷᠢᠯᠴᠠᠭ᠎ᠠ | ᠲᠡᠭᠡᠭᠡᠪᠦᠷᠢ ᠬᠢᠭᠡᠳ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ | ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ ᠲᠦᠷᠪᠡ ᠳᠤ᠂ | ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠬᠠᠮᠵᠢᠯᠴᠠᠨ ᠬᠥᠭᠵᠢᠭᠦᠯᠪᠡ᠃ ᠬᠠᠲᠤᠨ ᠭᠤᠤᠯ ᠤᠨ | ︽ᠶᠡᠭᠡ ᠲᠣᠬᠤᠢ︾ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠶᠡᠭᠡ ᠲᠥᠷᠥᠯ ᠵᠦᠢᠯ ᠢ | ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠢ ᠣᠷᠣᠨ ᠪᠠᠶᠢᠷᠢ ᠪᠠᠷ ᠨᠢ ᠰᠣᠯᠪᠢᠴᠠᠨ ᠬᠥᠭᠵᠢᠭᠦᠯᠵᠦ᠂ ᠣᠷᠳᠣᠰ ᠲᠡᠮᠡᠭᠡᠲᠦ ᠨᠢᠩᠰᠢᠶᠠ ᠶᠢᠨ ᠣᠲᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠯᠦᠭᠵᠢᠯ ᠨᠢ ᠤᠯᠤᠰ ᠤᠨ ᠲᠠᠰ ᠤᠨ ᠲᠡᠷᠢᠭᠦᠨ ᠤ | ᠦᠢᠯᠡᠳᠬᠦ ᠦᠢᠯᠡᠰ ᠤᠨ ᠪᠦᠯᠦᠭᠵᠢᠯ ᠳᠤ ᠠᠮᠵᠢᠯᠲᠠ ᠲᠠᠢ ᠰᠣᠩᠭᠤᠭᠳᠠᠪᠠ᠃ ᠲᠠᠪᠤ ᠳᠤ᠂ ᠣᠯᠠᠨ ᠨᠡᠶᠢᠲᠡ ᠶᠢᠨ | ᠠᠵᠢᠯ ᠦᠢᠯᠡᠰ ᠤᠨ ᠰᠣᠯᠢᠯᠴᠠᠭ᠎ᠠ ᠶᠠᠪᠤᠯᠴᠠᠭ᠎ᠠ ᠤᠯᠠᠮ ᠨᠢᠭᠡ ᠠᠯᠬᠤᠮ ᠨᠢᠭᠲᠠᠷᠠᠪᠠ᠃ ᠰᠤᠷᠭᠠᠨ ᠬᠥᠮᠦᠵᠢᠯ᠂ | ᠡᠮᠴᠢᠯᠡᠭᠡ᠂ ᠰᠣᠶᠣᠯ᠂ ᠵᠢᠭᠤᠯᠴᠢᠯᠠᠯ᠂ ᠴᠢᠳᠠᠪᠤᠷᠢᠲᠠᠨ᠂ ᠭᠠᠶᠢᠯᠢ ᠶᠢᠨ ᠶᠠᠪᠤᠳᠠᠯ ᠵᠡᠷᠭᠡ ᠬᠦᠷᠢᠶᠡᠨ ᠳᠠᠬᠢ | ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠳᠥᠷᠪᠡᠨ ᠬᠤᠲᠠ ᠶᠢᠨ ᠠᠵᠢᠯᠲᠠᠳ ᠪᠠ ᠬᠦᠴᠦᠨ ᠵᠦᠢᠯ ᠤᠨ | ᠶᠠᠪᠤᠯᠴᠠᠭ᠎ᠠ ᠰᠣᠯᠢᠯᠴᠠᠭ᠎ᠠ ᠤᠯᠠᠮ ᠨᠢᠭᠡ ᠠᠯᠬᠤᠮ ᠨᠢᠭᠲᠠᠷᠠᠪᠠ᠃ 2024 ᠣᠨ ᠤ ᠡᠴᠦᠰ ᠪᠣᠯᠬᠤ ᠳᠤ᠂ | ᠬᠥᠬᠡᠬᠤᠲᠠ ᠪᠤᠭᠤᠲᠤ ᠣᠷᠳᠣᠰ ᠲᠡᠮᠡᠭᠡᠲᠦ ᠳᠥᠷᠪᠡᠨ ᠬᠤᠲᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 77. | 9% ᠳᠤ ᠬᠦᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10.9 ᠵᠠᠭᠤᠨ ᠤ ᠴᠡᠭ ᠥᠨᠳᠥᠷᠵᠢᠵᠦ | ᠂ ᠬᠤᠲᠠ ᠶᠢᠨ ᠪᠦᠯᠦᠭᠵᠢᠯ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ 2.26 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠪᠠᠷᠠᠭᠤᠨ ᠬᠤᠶᠢᠲᠤ ᠣᠷᠣᠨ ᠤ ᠬᠤᠲᠠ ᠶᠢᠨ ᠪᠦᠯᠦᠭᠵᠢᠯ ᠤᠨ ᠵᠢᠭᠰᠠᠭᠠᠯ ᠳᠤ | ᠬᠤᠶᠠᠳᠤᠭᠠᠷ ︵ᠨᠢᠭᠡᠳᠦᠭᠡᠷ ᠨᠢ ᠪᠣᠭᠤᠮᠲᠠ ᠨᠤᠭᠤᠳ ᠤᠨ ᠳᠤᠮᠳᠠᠬᠢ ᠲᠠᠯ᠎ᠠ ᠭᠠᠵᠠᠷ ᠤᠨ ᠬᠤᠲᠠ ᠶᠢᠨ | ᠪᠦᠯᠦᠭᠵᠢᠯ ᠤᠨ ᠬᠢ ᠨᠢ 2.62 ᠲᠦᠮᠡᠨ ᠳ᠋ᠦᠩᠰᠢᠭᠤᠷ ᠪᠣᠯᠣᠨ᠎ᠠ︶ ᠲᠤ ᠣᠷᠣᠵᠤ᠂ ᠬᠤᠲᠠ ᠶᠢᠨ ᠪᠦᠯᠦᠭᠵᠢᠯ ᠤᠨ | ᠪᠠᠶᠢᠩᠭᠤ ᠰᠠᠭᠤᠭ᠎ᠠ ᠬᠥᠮᠦᠨ ᠠᠮᠠ 1226 ᠲᠦᠮᠡ ᠳᠤ ᠬᠦᠷᠴᠦ᠂ 2021 ᠣᠨ ᠤ ᠬᠢ ᠠᠴᠠ 26 ᠲᠦᠮᠡᠨ | ᠬᠥᠮᠦᠨ ᠨᠡᠮᠡᠭᠳᠡᠪᠡ᠃ ︵ᠬᠥᠮᠦᠨ ᠠᠮᠠ ᠶᠢᠨ ᠲᠤᠭ᠎ᠠ ᠨᠢ ᠣᠨ ᠤ ᠪᠦᠷᠢᠳᠬᠡᠯ ᠤᠨ ᠲᠤᠭ᠎ᠠ ᠪᠠᠷᠢᠮᠲᠠ ᠪᠣᠯᠤᠨ᠎ᠠ᠂ | 2025 ᠣᠨ ᠤ ᠬᠠᠮᠢᠶ᠎ᠠ ᠪᠥᠬᠦᠶ ᠲᠤᠭ᠎ᠠ ᠪᠠᠷᠢᠮᠲᠠ ᠶᠢ 2026 ᠣᠨ ᠳᠤ ᠨᠡᠶᠢᠲᠡᠯᠡᠨ᠎ᠡ︶ | ᠲᠠᠷᠠᠭᠠᠴᠢ ᠶᠢᠨ ᠠᠯᠬᠤᠮ ᠳᠤ᠂ ᠬᠤᠶᠠᠷ ᠮᠤᠵᠢ ᠣᠷᠣᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠬᠠᠮᠵᠢᠯᠴᠠᠨ ᠬᠥᠭᠵᠢᠬᠦ ᠲᠣᠭᠲᠠᠴᠠ ᠪᠠᠨ ᠦᠷᠭᠦᠯᠵᠢᠯᠡᠨ ᠪᠦᠷᠢᠨᠰᠢᠬᠦᠯᠵᠦ᠂ ᠨᠢᠭᠡ ᠴᠣᠭᠴᠠᠵᠢᠭᠰᠠᠨ | ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠬᠥᠮᠦᠨ ᠠᠮᠠ ᠶᠢᠨ ᠵᠦᠶ ᠵᠣᠬᠢᠰᠲᠠᠶ ᠪᠥᠭᠡᠮᠨᠡᠷᠡᠯ ᠢ | ᠠᠬᠢᠭᠤᠯᠵᠤ᠂ ᠬᠦᠴᠦᠨ ᠵᠦᠢᠯ ᠢ ᠴᠢᠯᠥᠭᠡᠲᠡᠶ ᠪᠥᠭᠡᠳ ᠡᠮᠬᠢ ᠵᠢᠷᠤᠮ ᠲᠠᠢ ᠰᠢᠯᠵᠢᠭᠦᠯᠵᠦ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ | ᠬᠤᠲᠠ ᠶᠢᠨ ᠪᠦᠯᠦᠭᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃ |