ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 2 ᠤᠨ ᠴᠠᠭᠢᠯᠭᠠᠨ ᠮᠡᠳᠡᠭᠡ ᠳᠤᠮᠳᠠᠳᠤ ᠶᠢᠨ ᠪᠦᠭᠦ ᠤᠯᠤᠰ ᠤᠨ | ᠵᠠᠯᠠᠭᠤᠴᠤᠳ ᠤᠨ ᠬᠤᠯᠪᠤᠭ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠦᠭᠦ ᠭᠡᠰᠢᠭᠦᠳ ᠤᠨ ᠬᠤᠷᠠᠯ᠂ | ᠳᠤᠮᠳᠠᠳᠤ ᠶᠢᠨ ᠪᠦᠭᠦ ᠤᠯᠤᠰ ᠤᠨ ᠰᠤᠷᠤᠬᠴᠢᠳ ᠤᠨ ᠬᠤᠯᠪᠤᠭ᠎ᠠ ᠶᠢᠨ ᠬᠤᠷᠢᠨ ᠨᠠᠢᠮᠠᠳᠤᠭᠠᠷ ᠤᠳᠠᠭ᠎ᠠ ᠶᠢᠨ | ᠲᠥᠯᠥᠭᠡᠯᠡᠭᠴᠢᠳ ᠤᠨ ᠶᠡᠭᠡ ᠬᠤᠷᠠᠯ 2 ᠤᠨ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ | ᠡᠮᠦᠨ᠎ᠡ ᠠᠴᠠ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ | ᠵᠠᠯᠠᠭᠤᠴᠤᠳ ᠪᠣᠯᠣᠨ ᠵᠠᠯᠠᠭᠤ ᠰᠤᠷᠤᠬᠴᠢᠳ᠂ ᠭᠠᠳᠠᠭᠠᠳᠤ ᠳᠤ ᠪᠠᠶᠢᠭ᠎ᠠ ᠥᠷᠭᠡᠨ ᠤᠯᠠᠨ ᠳᠤᠮᠳᠠᠳᠤ ᠶᠢᠨ ᠵᠠᠯᠠᠭᠤᠴᠤᠳ ᠲᠤ | ᠮᠡᠨᠳᠦᠴᠢᠯᠡᠯ ᠬᠦᠷᠭᠡᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 5 ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠬᠠᠪᠰᠤᠷᠤᠯᠭ᠎ᠠ ᠵᠢᠯᠣᠭᠤᠳᠤᠯᠭ᠎ᠠ ᠳᠣᠣᠷ᠎ᠠ᠂ ᠡᠯ᠎ᠡ ᠱᠠᠲᠤᠨ ᠤ ᠵᠠᠯᠠᠭᠤᠴᠤᠳ ᠤᠨ ᠬᠤᠯᠪᠤᠭ᠎ᠠ | ᠪᠣᠯᠣᠨ ᠰᠤᠷᠤᠬᠴᠢᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠢᠳᠡᠪᠬᠢᠲᠡᠢ ᠪᠠᠷ ᠠᠵᠢᠯᠯᠠᠵᠤ᠂ ᠥᠷᠭᠡᠨ ᠣᠯᠠᠨ ᠵᠠᠯᠠᠭᠤᠴᠤᠳ ᠪᠣᠯᠣᠨ ᠵᠠᠯᠠᠭᠤ ᠰᠤᠷᠤᠬᠴᠢᠳ ᠢ ᠵᠣᠬᠢᠶᠠᠨ ᠪᠠᠶᠢᠭᠤᠯᠤᠨ | ᠳᠠᠶᠢᠴᠢᠯᠠᠵᠤ ᠨᠠᠮ ᠢᠶᠠᠨ ᠡᠷᠡᠰ ᠳᠠᠭᠠᠵᠤ᠂ ᠡᠷᠡᠮᠡᠬᠡᠶᠢᠯᠡᠨ ᠤᠷᠤᠭᠰᠢᠯᠠᠵᠤ᠂ ᠵᠠᠯᠠᠭᠤ ᠨᠠᠰᠤᠨ ᠤ ᠬᠦᠴᠦᠨ ᠴᠢᠳᠠᠯ ᠢᠶᠠᠨ | ᠡᠷᠭᠦᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠴᠤᠭ ᠪᠠᠳᠠᠷᠠᠩᠭᠤᠢ ᠥᠭᠡᠳᠡᠯᠡᠨ ᠳᠠᠪᠰᠢᠬᠤ | ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠡᠢ ᠭᠡᠪᠡ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠵᠠᠯᠠᠭᠤᠴᠤᠳ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ᠃ ᠥᠷᠭᠡᠨ ᠤᠯᠠᠨ ᠵᠠᠯᠠᠭᠤᠴᠤᠳ ᠤᠬᠠᠮᠰᠠᠷ ᠠᠴᠠ ᠪᠠᠨ | ᠨᠠᠮ ᠪᠣᠯᠣᠨ ᠠᠷᠠᠳ ᠲᠦᠮᠡᠨ ᠤ ᠤᠷᠢᠶᠠᠯᠠᠭ᠎ᠠ ᠶᠢ ᠰᠣᠨᠣᠰᠴᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ | ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠲᠡᠦᠬᠡᠲᠦ ᠡᠭᠦᠷᠭᠡ ᠪᠠᠨ ᠵᠣᠷᠢᠭᠲᠠᠢ ᠡᠭᠦᠷᠭᠡᠯᠡᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠵᠠᠯᠠᠭᠤ ᠨᠠᠰᠤᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠯᠠᠭᠤᠴᠤᠳ ᠤᠨ ᠠᠵᠢᠯ ᠳᠠᠬᠢ | ᠤᠳᠤᠷᠢᠳᠤᠯᠭ᠎ᠠ ᠪᠠᠨ ᠴᠢᠩᠭᠠᠳᠬᠠᠵᠤ᠂ ᠵᠠᠯᠠᠭᠤᠴᠤᠳ ᠤᠨ ᠬᠤᠯᠪᠤᠭ᠎ᠠ ᠪᠣᠯᠣᠨ ᠰᠤᠷᠤᠬᠴᠢᠳ ᠤᠨ ᠬᠤᠯᠪᠤᠭ᠎ᠠ ᠶᠢᠨ ᠠᠵᠢᠯ ᠢ | ᠬᠠᠯᠠᠮᠵᠢᠯᠠᠨ ᠳᠡᠮᠵᠢᠵᠦ᠂ ᠥᠷᠭᠡᠨ ᠣᠯᠠᠨ ᠵᠠᠯᠠᠭᠤᠴᠤᠳ ᠪᠣᠯᠣᠨ ᠵᠠᠯᠠᠭᠤ ᠰᠤᠷᠤᠬᠴᠢᠳ ᠤᠨ ᠡᠷᠡᠭᠦᠯ ᠢᠶᠠᠷ ᠦᠰᠦᠨ | ᠪᠤᠶᠢᠵᠢᠬᠤ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ | ᠃ ᠵᠠᠯᠠᠭᠤᠴᠤᠳ ᠤᠨ ᠬᠤᠯᠪᠤᠭ᠎ᠠ ᠪᠣᠯᠣᠨ ᠰᠤᠷᠤᠬᠴᠢᠳ ᠤᠨ ᠬᠤᠯᠪᠤᠭ᠎ᠠ ᠶᠢᠨ ᠵᠣᠬᠢᠶᠠᠨ ᠪᠠᠶᠢᠭᠤᠯᠤᠯᠲᠠ ᠵᠥᠪ ᠤᠯᠤᠰ | ᠲᠦᠷᠦ ᠶᠢᠨ ᠴᠢᠭᠯᠡᠯ ᠢᠶᠠᠨ ᠪᠠᠲᠤᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠥᠷᠭᠡᠨ | ᠤᠯᠠᠨ ᠵᠠᠯᠠᠭᠤᠴᠤᠳ ᠪᠣᠯᠣᠨ ᠵᠠᠯᠠᠭᠤ ᠰᠤᠷᠤᠬᠴᠢᠳ ᠢ ᠨᠡᠩ ᠰᠠᠶᠢᠲᠤᠷ ᠪᠦᠯᠬᠦᠮᠳᠡᠭᠦᠯᠦᠨ ᠳᠠᠭᠠᠭᠤᠯᠵᠤ ᠨᠠᠮ ᠤᠨ ᠲᠤᠭ ᠤᠨ | ᠳᠣᠣᠷ᠎ᠠ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠡᠭᠢᠯᠡᠯᠲᠡ ᠶᠢᠨ ᠬᠤᠷᠠᠯ ᠳᠤ | ᠣᠷᠣᠯᠴᠠᠵᠠᠢ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ | ᠵᠠᠬᠢᠳᠠᠯ ᠢ ᠤᠩᠰᠢᠨ ᠨᠡᠶᠢᠲᠡᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠤ᠋ ᠯᠧᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠠᠶᠠᠷ ᠤᠨ | ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠪᠠᠶᠠᠷ ᠤᠨ ᠵᠠᠬᠢᠳᠠᠯ ᠨᠢ ᠳᠤᠮᠳᠠᠳᠤ ᠤᠯᠤᠰ ᠤᠨ | ᠵᠠᠯᠠᠭᠤᠴᠤᠳ ᠤᠨ ᠬᠥᠳᠡᠯᠭᠡᠭᠡᠨ ᠤ ᠤᠯᠠᠮ ᠨᠢᠭᠡ ᠠᠯᠬᠤᠮ ᠤᠷᠤᠭᠰᠢ ᠬᠥᠭᠵᠢᠬᠦ ᠳᠤ ᠴᠢᠬᠤᠯᠠ ᠵᠢᠷᠤᠮᠯᠠᠯ ᠬᠠᠩᠭᠠᠵᠠᠢ᠃ | ᠪᠢᠳᠡ ᠶᠡᠷᠦᠩᠬᠡᠢ ᠱᠦᠵᠢ ᠰᠢ ᠶᠢᠨ ᠫᠢᠩ ᠤᠨ ᠠᠯᠢ ᠤᠯᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠨ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠵᠠᠯᠠᠭᠤᠴᠤᠳ ᠤᠨ ᠠᠵᠢᠯ ᠤᠨ ᠨᠡᠩ | ᠶᠡᠭᠡ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠵᠠᠯᠠᠭᠤᠴᠤᠳ ᠶᠡᠷᠦᠩᠬᠡᠢ ᠱᠦᠵᠢ | ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ | ᠬᠦᠴᠢᠷ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠪᠠᠷ | ᠵᠣᠷᠢᠭ ᠰᠢᠭᠤᠳᠴᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢᠶᠠᠷ ᠡᠭᠦᠷᠭᠡ ᠪᠠᠨ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠰᠢᠨ᠎ᠡ ᠠᠶᠠᠨ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠠᠯᠠᠭᠤ ᠨᠠᠰᠤᠨ ᠤ ᠬᠠᠭᠤᠳᠠᠰᠤ ᠶᠢ ᠪᠢᠴᠢᠭᠯᠡᠬᠦ ᠶᠢ ᠬᠦᠰᠡᠵᠦ | ᠪᠠᠶᠢᠨ᠎ᠠ ᠭᠡᠪᠡ᠃ | ᠯᠢ ᠭᠠᠨ ᠵᠢᠶᠧ᠂ ᠴᠧᠨ ᠸᠧᠨ ᠴᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠲᠢᠶᠧ ᠨᠢᠩ᠂ ᠪᠠᠭᠠᠲᠤᠷ | ᠬᠤᠷᠠᠯ ᠳᠤ ᠣᠷᠣᠯᠴᠠᠪᠠ᠃ | ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ | ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠡᠶᠢᠭᠡᠮᠯᠢᠭ ᠤᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠾᠧ | ᠵᠢᠶᠦ᠋ᠨ ᠺᠧ ᠠᠷᠠᠳ ᠤᠨ ᠪᠦᠯᠭᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠡᠪ ᠬᠠᠮᠲᠤ ᠵᠠᠯᠠᠭᠤᠴᠤᠳ ᠤᠨ ᠡᠪᠯᠡᠯ ᠤᠨ | ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ | ᠤᠯᠤᠰ ᠤᠨ ᠵᠠᠯᠠᠭᠤᠴᠤᠳ ᠤᠨ ᠬᠤᠯᠪᠤᠭ᠎ᠠ ᠶᠢᠨ ᠲᠡᠷᠢᠭᠦᠯᠡᠭᠴᠢ ᠰᠢᠦᠢ ᠰᠢᠶᠣᠣ ᠪᠣᠯᠣᠨ ᠬᠤᠷᠢᠨ ᠳᠣᠯᠣᠳᠤᠭᠠᠷ | ᠬᠤᠭᠤᠴᠠᠭᠠᠨ ᠤ ᠪᠦᠭᠦ ᠤᠯᠤᠰ ᠤᠨ ᠰᠤᠷᠤᠬᠴᠢᠳ ᠤᠨ ᠬᠤᠯᠪᠤᠭ᠎ᠠ ᠶᠢᠨ ᠲᠡᠷᠢᠭᠦᠯᠡᠭᠴᠢ ᠰᠢᠦᠢ ᠬᠤᠢ ᠲᠤᠰ ᠲᠤᠰ ᠪᠦᠭᠦ | ᠤᠯᠤᠰ ᠤᠨ ᠵᠠᠯᠠᠭᠤᠴᠤᠳ ᠤᠨ ᠬᠤᠯᠪᠤᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠪᠣᠯᠣᠨ ᠪᠦᠭᠦ ᠤᠯᠤᠰ ᠤᠨ ᠰᠤᠷᠤᠬᠴᠢᠳ ᠤᠨ ᠬᠤᠯᠪᠤᠭ᠎ᠠ ᠶᠢᠨ ᠬᠤᠷᠢᠨ ᠳᠣᠯᠣᠳᠤᠭᠠᠷ ᠬᠤᠭᠤᠴᠠᠭᠠᠨ ᠤ | ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠠᠷᠠᠳ ᠤᠨ ᠪᠦᠯᠭᠦᠮ ᠪᠣᠯᠣᠨ ᠪᠡᠭᠡᠵᠢᠩ ᠬᠤᠳᠠ ᠶᠢᠨ ᠬᠠᠷᠢᠭᠤᠴᠠᠯᠭᠠᠲᠠᠨ ᠨᠥᠬᠦᠳ᠂ ᠪᠦᠭᠦ ᠤᠯᠤᠰ ᠤᠨ ᠵᠠᠯᠠᠭᠤᠴᠤᠳ ᠤᠨ | ᠬᠤᠯᠪᠤᠭ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ᠂ ᠪᠦᠭᠦ ᠤᠯᠤᠰ ᠤᠨ ᠰᠤᠷᠤᠬᠴᠢᠳ ᠤᠨ | ᠬᠤᠯᠪᠤᠭ᠎ᠠ ᠶᠢᠨ ᠬᠤᠷᠢᠨ ᠨᠠᠢᠮᠠᠳᠤᠭᠠᠷ ᠶᠡᠭᠡ ᠬᠤᠷᠠᠯ ᠤᠨ ᠲᠥᠯᠥᠭᠡᠯᠡᠭᠴᠢ᠂ ᠨᠡᠶᠢᠰᠯᠡᠯ ᠤᠨ ᠡᠯ᠎ᠡ ᠡᠲᠡᠭᠡᠳ ᠤᠨ | ᠵᠠᠯᠠᠭᠤᠴᠤᠳ ᠪᠣᠯᠣᠨ ᠵᠠᠯᠠᠭᠤ ᠰᠤᠷᠤᠬᠴᠢᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠶᠢᠨ | ᠬᠤᠷᠠᠯ ᠳᠤ ᠣᠷᠣᠯᠴᠠᠪᠠ᠃ | ᠡᠨᠡ ᠤᠳᠠᠭ᠎ᠠ ᠶᠢᠨ ᠶᠡᠭᠡ ᠬᠤᠷᠠᠯ ᠨᠢ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ ᠪᠣᠯᠣᠨ ᠪᠦᠭᠦ ᠤᠯᠤᠰ ᠤᠨ | ᠰᠤᠷᠤᠬᠴᠢᠳ ᠤᠨ ᠬᠤᠯᠪᠤᠭ᠎ᠠ ᠶᠢᠨ 5 ᠵᠢᠯ ᠤᠨ ᠲᠤᠷᠰᠢᠬᠢ ᠠᠵᠢᠯ ᠢ ᠳ᠋ᠦᠩᠨᠡᠵᠦ᠂ ᠢᠷᠡᠬᠦ 5 ᠵᠢᠯ ᠤᠨ ᠠᠵᠢᠯ ᠤᠨ | ᠡᠭᠦᠷᠭᠡ ᠶᠢ ᠰᠤᠳᠤᠯᠤᠨ ᠲᠣᠭᠲᠠᠭᠠᠵᠤ᠂ ︽ᠳᠤᠮᠳᠠᠳᠤ ᠶᠢᠨ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ ᠶᠢᠨ ᠳᠦᠷᠢᠮ | ︾ ᠪᠣᠯᠣᠨ ︽ᠳᠤᠮᠳᠠᠳᠤ ᠶᠢᠨ ᠪᠦᠭᠦ ᠤᠯᠤᠰ ᠤᠨ ᠰᠤᠷᠤᠬᠴᠢᠳ ᠤᠨ ᠬᠤᠯᠪᠤᠭ᠎ᠠ ᠶᠢᠨ ᠳᠦᠷᠢᠮ︾ ᠳᠤ ᠵᠠᠰᠠᠪᠤᠷᠢ | ᠣᠷᠣᠭᠤᠯᠵᠤ᠂ ᠰᠢᠨ᠎ᠡ ᠨᠢᠭᠡ ᠬᠤᠭᠤᠴᠠᠭᠠᠨ ᠤ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ ᠪᠣᠯᠣᠨ ᠪᠦᠭᠦ ᠤᠯᠤᠰ ᠤᠨ | ᠰᠤᠷᠤᠬᠴᠢᠳ ᠤᠨ ᠬᠤᠯᠪᠤᠭ᠎ᠠ ᠶᠢᠨ ᠤᠳᠤᠷᠢᠳᠬᠤ ᠪᠠᠶᠢᠭᠤᠯᠤᠮᠵᠢ ᠶᠢ ᠰᠣᠩᠭᠤᠨ ᠭᠠᠷᠭᠠᠨ᠎ᠠ᠃ |