7 ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠢ ᠵᠢᠢ ᠱᠦᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠨᠠᠭᠤᠷ | ᠰᠤᠮᠤ ᠶᠢᠨ ᠬᠤᠯᠪᠣᠭᠠᠲᠤ ᠭᠠᠴᠠᠭ᠎ᠠ᠂ ᠬᠤᠶᠠᠷᠰᠤᠮᠤ ᠪᠠᠯᠭᠠᠰᠤᠨ ᠤ ᠬᠤᠸᠠ ᠳ᠋ᠧᠩ ᠭᠠᠴᠠᠭ᠎ᠠ᠂ ᠥᠪᠥᠷ ᠮᠣᠩᠭᠤᠯ ᠤᠨ | ᠵᠥᠩ ᠨᠥᠩ ᠬᠢᠩᠭᠠᠨ ᠡᠭᠦᠯᠳᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ | ᠬᠢᠵᠠᠭᠠᠷᠲᠤ ᠺᠣᠮᠫᠠᠨᠢ ᠪᠣᠯᠤᠨ ᠪᠠᠶᠠᠨᠬᠤᠰᠢᠭᠤ ᠪᠠᠯᠭᠠᠰᠤᠨ ᠤ ᠰᠢᠷᠠᠳᠤᠪᠤ ᠭᠠᠴᠠᠭ᠎ᠠ ᠳᠤ ᠬᠦᠷᠴᠦ ᠬᠦᠷᠢᠶ᠎ᠡ ᠬᠠᠰᠢᠶᠠᠨ ᠤ | ᠠᠵᠤ ᠠᠬᠤᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠦᠬᠡᠷ ᠤᠨ ᠠᠵᠤ ᠦᠢᠯᠡᠰ ᠤᠨ ᠬᠥᠭᠵᠢᠯᠲᠡ | ᠪᠣᠯᠤᠨ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ | ᠢᠦᠢ ᠵᠢᠢ ᠱᠦᠨ ᠴᠢᠬᠤᠯᠠᠴᠢᠯᠠᠭᠰᠠᠨ ᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠠᠮᠢ | ᠠᠬᠤᠢ ᠶᠢ ᠴᠢᠬᠤᠯᠠᠴᠢᠯᠠᠵᠤ᠂ ᠦᠬᠡᠷ ᠤᠨ ᠦᠢᠯᠡᠰ ᠢ ᠬᠥᠭᠵᠢᠭᠦᠯᠵᠦ᠂ ᠰᠣᠶᠣᠯ ᠵᠢᠭᠤᠯᠴᠢᠯᠠᠯ ᠢ ᠠᠬᠢᠭᠤᠯᠬᠤ︾ | ᠬᠥᠭᠵᠢᠯᠲᠡ ᠶᠢᠨ ᠰᠡᠳᠬᠢᠮᠵᠢ ᠶᠢ ᠲᠣᠭᠲᠠᠭᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠤᠷᠲᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠦᠬᠦ ᠡᠯᠧᠮᠧᠨ᠋ᠲ ᠢ | ᠪᠠᠷᠢᠮᠲᠠᠯᠠᠵᠤ᠂ ᠠᠮᠢ ᠠᠬᠤᠢ ᠶᠢᠨ ᠵᠠᠰᠠᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢ ᠬᠠᠮᠲᠤ ᠳᠤ ᠨᠢ | ᠬᠠᠷᠠᠭᠠᠯᠵᠠᠵᠤ᠂ ︽ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠵᠡᠷᠭᠡ ᠬᠡᠯᠪᠡᠷᠢ ᠪᠠᠷ ᠲᠤᠰ ᠭᠠᠵᠠᠷ | ᠣᠷᠣᠨ ᠤ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠢ ᠣᠷᠣᠯᠭ᠎ᠠ ᠶᠢ ᠨᠡᠮᠡᠭᠳᠡᠭᠦᠯᠵᠦ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠷᠭᠦᠯᠵᠢᠯᠡᠨ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠪᠠᠶᠠᠵᠢᠭᠰᠠᠨ ᠴᠢᠳᠠᠪᠤᠷᠢᠲᠠᠨ ᠢᠶᠠᠷ ᠳᠠᠶᠢᠴᠢᠯᠠᠬᠤ᠂ | ᠣᠯᠠᠨ ᠲᠦᠮᠡᠨ ᠥᠷᠭᠡᠨ ᠢᠶᠠᠷ ᠣᠷᠣᠯᠴᠠᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠠᠭᠪᠤᠷ ᠢ ᠢᠳᠡᠪᠬᠢᠲᠡᠢ | ᠳᠡᠯᠭᠡᠷᠡᠭᠦᠯᠵᠦ᠂ ᠭᠤᠣᠯᠯᠠᠭᠴᠢ ᠥᠷᠢᠰᠥᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠢ ᠠᠵᠤ | ᠦᠢᠯᠡᠰ ᠤᠨ ᠬᠥᠭᠵᠢᠯᠲᠡ ᠶᠢᠨ ᠳᠤᠮᠳᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠨᠤᠲᠤᠭ ᠤᠨ | ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠵᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ | ᠬᠡᠯᠬᠢᠶ᠎ᠡ ᠶᠢ ᠥᠷᠭᠡᠳᠬᠡᠵᠦ᠂ ᠲᠥᠪ ᠤᠨ ᠶᠠᠮᠤᠨ ᠵᠥᠪᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠢᠴᠢ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠰᠢᠭᠲᠠᠢ ᠠᠵᠠ ᠲᠣᠬᠢᠶᠠᠯ ᠢ ᠠᠰᠢᠭᠯᠠᠵᠤ᠂ ᠲᠦᠷᠦᠯ | ᠳᠡᠮᠳᠡᠭᠵᠢᠭᠦᠯᠬᠦ᠂ ᠵᠠᠬ᠎ᠠ ᠳᠡᠯᠭᠡᠭᠦᠷᠵᠢᠭᠦᠯᠬᠦ ᠪᠠᠷ ᠤᠳᠤᠷᠢᠳᠤᠮᠵᠢ ᠪᠣᠯᠭᠠᠵᠤ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ︽ᠲᠠᠷᠢᠶᠠᠯᠠᠩ ᠵᠤᠭᠠᠴᠠᠯ ᠢ | ᠠᠭᠤᠰᠤᠯᠴᠠᠭᠤᠯᠬᠤ︾ ᠪᠠᠷ ᠭᠤᠣᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠰᠦᠪᠡᠭᠴᠢᠯᠡᠵᠦ᠂ ᠲᠣᠰᠬᠤᠨ ᠢ ᠦᠵᠡᠰᠬᠦᠯᠡᠩᠲᠦ ᠰᠠᠶᠢᠬᠠᠨ | ᠠᠷᠠᠳ ᠪᠠᠶᠠᠨ ᠴᠢᠨᠡᠭᠡᠯᠢᠭ ᠪᠣᠯᠭᠠᠬᠤ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |