ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ | ᠦᠨᠳᠦᠰᠦᠯᠡᠨ᠂ 6 ᠰᠠᠷ᠎ᠠ ᠶᠢᠨ 30 ᠤ ᠡᠳᠦᠷ ᠠᠴᠠ 7 ᠰᠠᠷ᠎ᠠ ᠶᠢᠨ 2 ᠤᠨ ᠡᠳᠦᠷ ᠪᠣᠯᠲᠠᠯ᠎ᠠ᠂ ᠬᠤᠰᠢᠭᠤᠨ ᠤ | ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠢ ᠨᠢᠭᠡᠨᠲᠡ | ᠪᠦᠬᠦᠨ ᠢ ᠪᠡᠶᠡᠯᠡᠭᠦᠯᠪᠡ᠃ 4 ᠴᠠᠭᠳᠠᠨ ᠪᠠᠶᠢᠴᠠᠭᠠᠬᠤ ᠳᠤᠭᠤᠶᠢᠯᠠᠩ ᠨᠢ ᠲᠤᠰ ᠲᠤᠰ ᠴᠠᠭᠳᠠᠨ ᠪᠠᠶᠢᠴᠠᠭᠠᠭᠳᠠᠭᠰᠠᠨ | 2 ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ 5 ᠰᠤᠷᠭᠠᠭᠤᠯᠢ᠂ 2 ᠡᠮᠨᠡᠯᠭᠡ ᠶᠢᠨ ᠬᠤᠷᠢ᠊ ᠡᠶ᠎ᠡ᠂ 2 | ᠰᠤᠮᠤ ᠪᠠᠯᠭᠠᠰᠤ ᠵᠢᠴᠢ ᠬᠠᠷᠢᠶ᠎ᠠ 22 ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠭᠰᠠᠨ | ᠪᠠᠶᠢᠳᠠᠯ ᠢᠶᠠᠨ ᠬᠠᠷᠢᠭᠤ ᠲᠤᠰᠬᠠᠪᠠ᠃ ᠬᠠᠷᠢᠭᠤ ᠲᠤᠰᠬᠠᠯ ᠨᠢ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠴᠢᠩᠭ᠎ᠠ ᠵᠢᠭᠠᠨ ᠭᠠᠷᠭᠠᠵᠤ᠂ | ᠡᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠵᠠᠷᠢᠮ ᠨᠠᠮ ᠤᠨ ᠵᠣᠬᠢᠶᠠᠨ ᠪᠠᠶᠢᠭᠤᠯᠤᠯᠲᠠ ᠳᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠭᠦᠨᠵᠡᠭᠡᠢ ᠪᠢᠰᠢ᠂ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠪᠠᠶᠢᠬᠤ ᠡᠰᠡᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢᠨ ᠲᠠᠯ᠎ᠠ ᠪᠠᠷ ᠳᠤᠲᠠᠭᠤᠳᠠᠯ ᠲᠠᠢ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠪᠠᠨ ᠭᠦᠢᠴᠡᠳᠬᠡᠭᠰᠡᠨ ᠨᠢ ᠪᠣᠳᠠᠲᠠᠢ ᠦᠭᠡᠢ ᠵᠡᠷᠭᠡ ᠲᠠᠯ᠎ᠠ ᠶᠢᠨ ᠠᠰᠠᠭᠤᠳᠠᠯ ᠣᠷᠣᠰᠢᠵᠤ ᠪᠠᠶᠢᠨ᠎ᠠ᠃ | ᠴᠠᠭᠳᠠᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠤ ᠵᠥᠷᠢᠶ᠎ᠡ ᠲᠠᠢ ᠪᠠᠶᠢᠬᠤ᠂ ᠨᠥᠬᠦᠪᠥᠷᠢ ᠶᠢ ᠣᠯᠭᠤᠬᠤ ᠶᠢ ᠬᠢᠨᠠᠨ ᠬᠠᠷᠭᠤᠭᠤᠯᠬᠤ ᠳᠤ | ᠴᠢᠩᠭ᠎ᠠ ᠪᠢᠰᠢ ᠪᠠᠶᠢᠬᠤ ᠵᠡᠷᠭᠡ ᠲᠠᠯ᠎ᠠ ᠶᠢᠨ ᠠᠰᠠᠭᠤᠳᠠᠯ ᠣᠷᠣᠰᠢᠵᠤ ᠪᠠᠶᠢᠨ᠎ᠠ᠃ | ᠬᠠᠷᠢᠭᠤ ᠲᠤᠰᠬᠠᠭᠳᠠᠭᠰᠠᠨ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠭᠠᠷᠳᠠᠴᠠ | ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠤᠴᠢᠷ ᠶᠠᠪᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ | ᠬᠦᠷᠢᠶ᠎ᠡ ᠴᠠᠷᠠᠭᠠᠨ ᠳᠠᠬᠢ ᠬᠥᠮᠦᠨ ᠪᠠ ᠤᠴᠢᠷ ᠶᠠᠪᠤᠳᠠᠯ ᠢ ᠴᠢᠩᠭ᠎ᠠ ᠠᠩᠬᠠᠷᠴᠤ᠂ ︽ᠬᠠᠳᠠᠭᠠᠰᠤ ᠬᠠᠳᠠᠬᠤ︾ | ᠵᠣᠷᠢᠭ ᠰᠠᠨᠠᠭ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ | ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠣᠢ | ᠪᠣᠯᠭᠠᠬᠤ ᠬᠡᠷᠡᠭᠲᠡᠢ︔ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠭᠦᠢᠴᠡᠳ ᠰᠠᠶᠢᠲᠤᠷ ᠬᠡᠷᠡᠭᠯᠡᠵᠦ᠂ | ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠢ ᠠᠰᠠᠭᠤᠳᠠᠯ ᠪᠠ ᠭᠦᠨ ᠳᠠᠪᠬᠤᠷᠭ᠎ᠠ ᠶᠢᠨ | ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠵᠦ᠂ ︽ᠥᠩᠭᠡᠨ ᠲᠠᠯ᠎ᠠ ᠶᠢ ᠵᠠᠰᠠᠬᠤ︾ ᠠᠴᠠ ︽ | ᠦᠨᠳᠦᠰᠦᠨ ᠠᠴᠠ ᠨᠢ ᠵᠠᠰᠠᠬᠤ︾ ᠳᠦᠷᠢᠮ ᠢ ᠪᠦᠷᠢᠯᠳᠦᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ | ᠰᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ | ᠬᠤᠷᠠᠯ ᠤᠨ ᠳᠠᠷᠠᠭ᠎ᠠ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ | ᠠᠰᠠᠭᠤᠳᠠᠯ ᠢᠶᠠᠨ ᠬᠤᠰᠢᠭᠤᠨ ᠳᠡᠰ ᠤᠨ ᠬᠤᠪᠢᠳᠠᠨ ᠬᠠᠮᠢᠶᠠᠷᠴᠤ ᠪᠠᠶᠢᠭ᠎ᠠ ︵ᠳᠠᠭᠠᠭᠠᠴᠢᠯᠠᠨ ᠬᠤᠯᠪᠣᠭᠠᠯᠠᠬᠤ︶ | ᠤᠳᠤᠷᠢᠳᠤᠯᠭ᠎ᠠ ᠪᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠵᠠᠷᠯᠠᠨ ᠮᠡᠳᠡᠭᠳᠡᠪᠡ᠃ |